ᠮᠠᠨ ᠤ ᠰᠢᠶᠠᠨ ᠤ ᠪᠠᠶᠠᠨᠲᠠᠯ᠎ᠠ ᠰᠢᠶᠠᠩ ᠲᠠᠷᠢᠶᠠᠯᠠᠩ ᠤᠨ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠭ᠎ᠠ ᠪᠠᠷᠢᠮᠲᠠ ᠶᠢᠨ ᠢᠷᠡᠯᠲᠡ ᠶᠢ ᠣᠨᠣᠪᠴᠢᠲᠠᠶ᠂ ᠲᠤᠭ᠎ᠠ ᠪᠦᠷᠢᠳᠬᠡᠯ ᠢ ᠥᠨᠳᠥᠷ ᠪᠦᠲᠦᠮᠵᠢᠲᠡᠶ | ᠪᠠᠶᠢᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠬᠤᠭᠤᠴᠠᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠤᠨ | ᠲᠤᠭ᠎ᠠ ᠪᠦᠷᠢᠳᠬᠡᠯ ᠤᠨ ᠠᠵᠢᠯ ᠢ ᠨᠠᠷᠢᠯᠢᠭ ᠣᠨᠣᠴᠠᠲᠠᠶ ᠪᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ | ︽ᠭᠤᠷᠪᠠ ᠶᠢ ᠲᠥᠪᠯᠡᠷᠡᠭᠦᠯᠬᠦ︾ ᠶᠢ ᠪᠠᠷᠢᠮᠲᠠᠯᠠᠨ ︽ᠭᠤᠷᠪᠠ ᠶᠢ ᠪᠡᠶᠡᠯᠡᠭᠦᠯᠬᠦ︾ ᠶᠢ ᠴᠢᠩᠭᠠᠳᠬᠠᠪᠠ᠃ | ᠨᠢᠭᠡ ᠳᠤ᠂ ᠪᠠᠶᠢᠴᠠᠭᠠᠨ ᠰᠤᠳᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠷ᠎ᠠ ᠪᠠᠨ ᠲᠤᠭ᠎ᠠ ᠲᠠᠢ | ᠪᠠᠶᠢᠬᠤ ᠶᠢ ᠪᠡᠶᠡᠯᠡᠭᠦᠯᠪᠡ᠃ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠨᠢ ᠲᠠᠷᠢᠶᠠᠯᠠᠩ ᠤᠨ | ᠦᠢᠯᠡᠳᠪᠦᠷᠢᠯᠡᠯ ᠠᠴᠠ ᠪᠣᠯᠤᠭᠰᠠᠨ ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠶᠢᠨ ᠡᠮᠦᠨ᠎ᠡ᠂ ᠲᠤᠰ ᠰᠢᠶᠠᠩ ᠤᠨ ᠲᠤᠭ᠎ᠠ | ᠪᠦᠷᠢᠳᠬᠡᠭᠴᠢ ᠠᠴᠠ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠲᠠᠷᠢᠶᠠᠨ ᠭᠠᠵᠠᠷ ᠲᠤ ᠬᠦᠷᠴᠦ᠂ ᠦᠯᠢᠭᠡᠷ ᠠᠪᠴᠤ | ᠪᠠᠶᠢᠴᠠᠭᠠᠬᠤ ᠪᠠ ᠲᠠᠷᠢᠮᠠᠯ ᠤᠨ ᠲᠤᠷᠰᠢᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯ ᠪᠣᠯᠬᠤ ᠲᠠᠷᠢᠮᠠᠯ ᠤᠨ | ᠪᠣᠳᠠᠰ ᠤᠨ ᠬᠤᠷᠣᠭᠳᠠᠯ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠮᠡᠳᠡᠯᠭᠡ ᠶᠢᠨ ᠪᠠᠯᠠᠢ ᠣᠷᠣᠨ ᠢ ᠭᠡᠷᠡᠯᠳᠦᠬᠦᠯᠵᠦ᠂ | ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠪᠡ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ | ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠲᠠᠷᠢᠶᠠᠯᠠᠩ ᠤᠨ ᠲᠤᠭ᠎ᠠ | ᠪᠦᠷᠢᠳᠬᠡᠯ ᠤᠨ ᠠᠵᠢᠯᠲᠠᠳ ᠥᠪᠡᠷ ᠤᠨ ᠰᠠᠨᠠᠭᠠᠴᠢᠯᠠᠭᠠᠲᠤ ᠴᠢᠨᠠᠷ ᠢᠶᠠᠨ ᠭᠦᠢᠴᠡᠳ ᠪᠠᠳᠠᠷᠠᠭᠤᠯᠵᠤ᠂ ᠲᠤᠭ᠎ᠠ ᠪᠠᠷᠢᠮᠲᠠ | ᠨᠢᠭᠡᠪᠦᠷᠢ ᠶᠢ ᠨᠠᠷᠢᠨ ᠬᠢᠨᠠᠮᠠᠭᠠᠶ ᠦᠨᠡᠯᠡᠨ ᠵᠢᠱᠢᠵᠦ ᠵᠠᠳᠠᠯᠤᠯᠲᠠ ᠬᠢᠵᠦ᠂ ᠪᠦᠬᠦᠯᠢ ᠴᠣᠭᠴᠠ ᠶᠢᠨ ᠰᠢᠶᠠᠩ ᠤᠨ | ᠱᠠᠲᠤᠨ ᠤ ᠲᠤᠭ᠎ᠠ ᠪᠠᠷᠢᠮᠲᠠ ᠶᠢ ᠵᠠᠳᠠᠯᠬᠤ ᠪᠠᠷ ᠪᠠᠷᠠᠬᠤ ᠥᠬᠡᠶ ᠪᠠᠰᠠ ᠲᠣᠰᠬᠤᠨ ᠤ ᠱᠠᠲᠤ᠂ ᠴᠢᠨᠠᠭᠰᠢᠯᠠᠪᠠᠯ | ᠡᠷᠦᠬᠡ ᠶᠢᠨ ᠲᠠᠰ ᠤᠨ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠵᠠᠳᠠᠯᠵᠤ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠤᠰᠤᠳᠴᠢ᠂ ᠪᠥᠬᠦ ᠲᠠᠯ᠎ᠠ ᠶᠢ ᠦᠨᠡᠨ ᠬᠦ ᠪᠠᠲᠤᠯᠠᠪᠠ᠃ | ᠭᠤᠷᠪᠠ ᠳᠤ᠂ ᠴᠢᠳᠠᠪᠤᠷᠢ ᠶᠢᠨ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃ ᠲᠣᠰ ᠰᠢᠶᠠᠩ ᠤᠨ ᠲᠤᠭ᠎ᠠ ᠪᠦᠷᠢᠳᠬᠡᠯ ᠤᠨ ᠠᠵᠢᠯᠲᠠᠨ ᠬᠠᠷᠢᠴᠠᠭᠤᠯᠤᠨ | ᠵᠠᠳᠠᠯᠬᠤ ᠪᠠᠨ ᠴᠢᠩᠭᠠᠳᠬᠠᠵᠤ᠂ ᠮᠤᠵᠢ ᠶᠢᠨ ᠱᠠᠲᠤ᠂ ᠬᠤᠲᠠ ᠲᠣᠭᠤᠷᠢᠭ ᠤᠨ ᠲᠠᠰ ᠤᠨ ᠲᠤᠭ᠎ᠠ ᠪᠠᠷᠢᠮᠲᠠ ᠠᠴᠠ | ᠬᠥᠭᠵᠢᠯᠲᠡ ᠶᠢᠨ ᠬᠠᠨᠳᠤᠰᠢ ᠶᠢ ᠵᠠᠳᠠᠯᠵᠤ᠂ ᠠᠳᠠᠯᠢ ᠱᠠᠲᠤᠨ ᠤ ᠲᠤᠭ᠎ᠠ ᠪᠠᠷᠢᠮᠲᠠ ᠶᠢᠨ ᠳᠣᠲᠣᠷ᠎ᠠ ᠠᠴᠠ ᠲᠣᠰ | ᠪᠡᠶ᠎ᠡ ᠶᠢᠨ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠲᠣᠰ ᠭᠠᠵᠠᠷ ᠤᠨ ᠲᠠᠷᠢᠮᠠᠯ ᠤᠨ ᠪᠠᠶᠢᠳᠠᠯ ᠲᠠᠢ | ᠤᠶᠠᠯᠳᠤᠭᠤᠯᠤᠨ᠂ ᠮᠥ ᠪᠦᠷᠢ ᠶᠢᠨ ᠳᠤᠮᠳᠠᠴᠢ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ᠂ ᠮᠥ ᠪᠦᠷᠢ ᠶᠢᠨ ᠳᠤᠮᠳᠠᠴᠢ | ᠲᠠᠷᠢᠶᠠᠨ ᠡᠮ ᠬᠡᠷᠡᠭᠯᠡᠬᠦ ᠬᠡᠮᠵᠢᠶ᠎ᠡ᠂ ᠪᠣᠳᠠᠲᠠᠶ ᠨᠤᠭᠤᠯᠤᠨ ᠪᠤᠳᠤᠬᠤ ᠬᠠᠷᠢᠴᠠᠯ᠂ ᠡᠯ᠎ᠡ ᠲᠥᠷᠥᠯ ᠵᠦᠢᠯ ᠤᠨ ᠡᠵᠡᠯᠡᠬᠦ | ᠬᠠᠷᠢᠴᠠᠯ ᠵᠡᠷᠭᠡ ᠶᠢ ᠵᠠᠳᠠᠯᠬᠤ ᠪᠠᠷ ᠳᠠᠮᠵᠢᠭᠤᠯᠤᠨ ᠲᠠᠷᠢᠶᠠᠯᠠᠩ ᠤᠨ ᠪᠣᠳᠠᠰ ᠤᠨ ᠬᠤᠷᠣᠭᠳᠠᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |