ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/18

    ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ

ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠤ ᠠᠬᠤᠶᠢᠯᠠᠯ ᠤᠨ ᠠᠶᠤᠯᠭᠦᠢ

ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ 1 ᠰᠠᠷ᠎ᠠ ᠶᠢᠨ

16 ᠤ ᠡᠳᠦᠷ᠂ ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠡᠮᠦᠷᠯᠢᠭ

ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ

ᠬᠤᠷᠠᠯᠳᠤᠭᠤᠯᠪᠠ᠃

1737169830439082782.jpg

    ᠶᠠᠷᠢᠯᠴᠠᠬᠤ ᠬᠤᠷᠠᠯ ᠳᠡᠭᠡᠷ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ

ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠭᠰᠠᠨ ᠪᠥᠭᠡᠳ ᠭᠤᠤᠯ ᠬᠠᠷᠢᠭᠤᠴᠠᠯᠭᠠᠲᠠᠨ ᠤ ᠡᠭᠦᠷᠭᠡ

ᠬᠠᠷᠢᠭᠤᠴᠠᠯᠭ᠎ᠠ ᠶᠢᠨ ᠲᠤᠬᠠᠶ ᠲᠠᠶᠢᠯᠤᠮᠵᠢ ᠬᠢᠪᠠ᠃ 2024 ᠣᠨ ᠤ ᠳᠥᠷᠪᠡᠳᠦᠭᠡᠷ ᠤᠯᠠᠷᠢᠯ ᠤᠨ ᠠᠶᠤᠯᠭᠦᠢ

ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠡᠯ᠎ᠡ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ

ᠪᠠᠶᠢᠳᠠᠯ ᠢ ᠮᠡᠳᠡᠭᠳᠡᠪᠡ᠃ ᠡᠭᠦᠨ ᠤ ᠬᠠᠮᠲᠤ᠂ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠢ

ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠤᠨ ᠲᠤᠬᠠᠢ

ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠥᠭᠡᠳ ᠭᠤᠣᠯ ᠬᠠᠷᠢᠭᠤᠴᠠᠯᠭᠠᠲᠠᠨ ᠤ ᠦᠢᠯᠡᠳᠦᠯ ᠢ ᠬᠡᠷᠬᠢᠨ

ᠰᠠᠶᠢᠲᠤᠷ ᠪᠠᠳᠠᠷᠠᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃

    ᠶᠠᠷᠢᠯᠴᠠᠬᠤ ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠠᠵᠤ

ᠠᠬᠤᠶᠢᠯᠠᠯ ᠤᠨ ᠬᠢᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ

ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ

ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠳᠤ

ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢ

ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠡᠭᠦᠷᠭᠡ ᠶᠢ ᠵᠦᠶ ᠵᠣᠬᠢᠰᠲᠠᠶ

ᠳᠣᠭᠢᠷᠠᠭᠤᠯᠤᠨ᠂ ᠴᠢᠳᠠᠪᠤᠷᠢ ᠠᠴᠠ ᠬᠡᠲᠦᠷᠡᠭᠰᠡᠨ᠂ ᠡᠷᠴᠢᠮ ᠠᠴᠠ ᠬᠡᠲᠦᠷᠡᠭᠰᠡᠨ᠂ ᠣᠷᠣᠨ ᠲᠤᠭ᠎ᠠ ᠠᠴᠠ ᠬᠡᠲᠦᠷᠡᠭᠦᠯᠦᠨ

ᠦᠢᠯᠡᠳᠪᠦᠷᠢᠯᠡᠯ ᠢ ᠨᠢ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠲᠤᠬᠠᠶ ᠶᠢᠨ

ᠲᠠᠯᠠᠪᠤᠷ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠠᠮᠤᠷ ᠲᠦᠪᠰᠢᠨ ᠤ ᠠᠵᠢᠯᠯᠠᠭᠠᠨ ᠤ

ᠲᠦᠷᠢᠮ ᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠵᠥᠷᠢᠴᠡᠬᠦ︾ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠵᠤ᠂

ᠠᠵᠢᠯ ᠤᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ

ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ 24 ᠴᠠᠭ ᠢᠶᠠᠷ

ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠪᠠ ᠲᠤᠰᠬᠠᠶ ᠬᠥᠮᠦᠨ ᠢᠶᠠᠷ ᠵᠢᠵᠢᠭᠦᠷᠯᠡᠬᠦ ᠲᠦᠷᠢᠮ ᠢ ᠴᠢᠩᠭ᠎ᠠ

ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠭᠡᠨᠡᠳᠲᠡ ᠶᠢᠨ ᠬᠡᠷᠡᠭ

ᠪᠤᠶᠤ ᠪᠠᠴᠢᠮ ᠪᠠᠶᠢᠳᠠᠯ ᠲᠣᠬᠢᠶᠠᠯᠳᠤᠪᠠᠯ᠂ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠲᠣᠬᠢᠲᠠᠶ ᠰᠢᠢᠳᠪᠦᠷᠢᠯᠡᠬᠦ

ᠬᠡᠷᠡᠭᠲᠡᠶ᠃

    ᠪᠦᠬᠦ ᠰᠢᠶᠠᠨ ᠤ 12 ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ

ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2