ᠳ᠋ᠢᠶᠣᠣ ᠴᠦᠨ ᠬᠠᠢ ᠴᠠᠭᠠᠨ ᠰᠠᠷ᠎ᠠ ᠠᠴᠠ ᠡᠮᠦᠨᠡᠬᠢ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/18

    1 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠣᠣ ᠴᠦᠨ ᠬᠠᠢ ᠬᠡᠰᠡᠭ ᠬᠡᠳᠦ ᠳᠡᠯᠭᠡᠭᠦᠷ ᠲᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ

ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠳᠤ ᠪᠠᠶᠢᠴᠠᠭᠠᠨ ᠰᠤᠳᠤᠯᠤᠯᠲᠠ

ᠬᠢᠪᠡ᠃

1737169106680010579.jpg

    ᠳ᠋ᠢᠶᠤᠤ ᠴᠦᠨ ᠬᠠᠶ ᠤᠷᠢᠳ ᠬᠤᠵᠢᠳ ᠳ᠋ᠦ᠋ ᠳ᠋ᠧ ᠯᠢ ᠬᠡᠲᠦ ᠳᠡᠯᠭᠡᠭᠦᠷ᠂ ᠲᠠᠢ ᠳ᠋ᠧ ᠯᠦᠩ ᠬᠡᠲᠦ ᠳᠡᠯᠭᠡᠭᠦᠷ᠂

ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ ᠲᠤᠬᠠᠶ ᠶᠢᠨ

ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ

ᠨᠢᠭᠡᠳᠦᠭᠡᠷ ᠹᠷᠣᠨᠲ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ᠂

ᠲᠠᠸᠠᠷ ᠤᠨ ᠦᠨ᠎ᠡ ᠬᠠᠩᠰᠢ ᠶᠢᠨ ᠬᠤᠪᠢᠷᠠᠯᠲᠠ ᠶᠢ ᠨᠠᠷᠢᠨ ᠣᠶᠢᠯᠠᠭᠠᠭᠰᠠᠨ ᠪᠥᠭᠡᠳ ᠡᠵᠡᠩᠨᠡᠯᠲᠡ ᠶᠢᠨ ᠲᠠᠯᠠᠪᠤᠷ ᠤᠨ

ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ

ᠲᠥᠬᠦᠭᠡᠷᠦᠮᠵᠢ᠂ ᠪᠠᠭᠠᠵᠢ ᠬᠡᠷᠡᠭᠰᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠲᠡᠮᠳᠡᠭ ᠪᠦᠷᠢᠨ ᠪᠦᠲᠦᠨ ᠪᠠᠶᠢᠬᠤ

ᠡᠰᠡᠬᠦ ᠵᠡᠷᠭᠡ ᠲᠠᠯ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃

    ᠳ᠋ᠢᠶᠤᠤ ᠴᠦᠨ ᠬᠠᠶ ᠵᠢᠭᠠᠵᠤ ᠭᠠᠷᠭᠠᠭᠰᠠᠨ ᠨᠢ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠪᠠ

ᠬᠡᠷᠡᠭᠯᠡᠭᠡᠨ ᠤ ᠠᠮᠤᠷ ᠲᠦᠪᠰᠢᠨ ᠤ ᠠᠵᠢᠯ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ

ᠲᠤᠰᠠ ᠲᠠᠢ ᠨᠢᠭᠲᠠ ᠬᠤᠯᠪᠣᠭ᠎ᠠ ᠲᠠᠢ ᠶᠤᠮ᠂ ᠬᠠᠮᠢᠶ᠎ᠠ ᠪᠥᠬᠦᠶ ᠨᠢᠭᠡᠴᠡ ᠨᠦᠭᠦᠳ ᠪᠠᠶᠠᠷ ᠤᠨ ᠡᠳᠦᠷ ᠤᠨ

ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠡᠳ᠋ ᠪᠣᠳᠠᠰ ᠤᠨ

ᠲᠣᠬᠢᠷᠠᠭᠤᠯᠤᠯᠲᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠶᠠᠰᠤ

ᠴᠢᠨᠠᠷ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠪᠠᠷᠠᠭᠠᠨ ᠤ ᠢᠷᠡᠯᠲᠡ ᠶᠢ ᠨᠠᠷᠢᠨ ᠨᠢᠮᠪᠠᠶ

ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ᠂

ᠬᠠᠩᠭᠠᠯᠭ᠎ᠠ ᠴᠠᠭ ᠲᠤᠬᠠᠶ ᠳᠤᠨᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ

ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠡᠪ ᠤᠨ

ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃

    ᠳ᠋ᠢᠶᠤᠤ ᠴᠦᠨ ᠬᠠᠢ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠃

ᠠᠵᠤ ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ ᠢ ᠢᠮᠠᠭᠲᠠ ᠪᠠᠲᠤ ᠴᠡᠭᠡᠵᠢᠯᠡᠵᠦ᠂ ᠠᠵᠢᠯᠲᠠᠨ ᠤ ᠭᠠᠯ

ᠤᠨᠲᠠᠷᠠᠭᠠᠬᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂

ᠠᠵᠤ ᠠᠬᠤᠶᠢᠯᠠᠯ ᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠠᠷᠠᠳ

ᠣᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ

ᠥᠪᠡᠷ ᠢ ᠪᠠᠨ ᠠᠪᠤᠷᠠᠬᠤ ᠴᠢᠳᠠᠪᠤᠷᠢ ᠶᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠠᠵᠢᠯ ᠲᠦᠷᠦᠯ ᠤᠨ

ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂

ᠠᠵᠤ ᠠᠬᠤᠶᠢᠯᠠᠯ ᠤᠨ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠠᠷᠢᠯᠭᠠᠬᠤ ᠶᠢ ᠴᠠᠭ

ᠲᠤᠬᠠᠢ ᠳᠤᠨᠢ ᠵᠢᠯᠣᠭᠤᠳᠴᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂

ᠥᠷᠭᠡᠨ ᠤᠯᠠᠨ ᠠᠷᠠᠳ ᠲᠦᠮᠡᠨ ᠤ ᠠᠮᠤᠷ ᠠᠮᠤᠭᠤᠯᠠᠩ᠂ ᠪᠠᠶᠠᠷ ᠪᠠᠶᠠᠰᠬᠤᠯᠠᠩ ᠲᠠᠢ᠂ ᠡᠶ᠎ᠡ ᠨᠠᠶᠢᠷᠠᠮᠳᠠᠭᠤ ᠴᠠᠭᠠᠨ

ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠶ᠂ ᠵᠠᠰᠠᠭ ᠤᠨ ᠣᠷᠳᠣᠨ ᠤ ᠠᠯᠪᠠᠨ

ᠬᠡᠷ ᠤᠨ ᠡᠷᠬᠢᠯᠡᠭᠴᠢ ᠯᠢ ᠬᠤᠩ ᠮᠢᠨ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2