1 ᠰᠠᠷ᠎ᠠ ᠶᠢᠨ 16 ᠤ ᠡᠳᠦᠷ᠂ ᠬᠤᠸᠠᠳᠧ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠵᠠᠷᠯᠢᠭ ᠶᠡᠭᠡ ᠬᠤᠷᠠᠯ ᠬᠤᠷᠠᠯᠳᠤᠪᠠ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ | ᠲᠣᠭᠤᠷᠢᠭ ᠤᠨ ᠠᠬᠠᠯᠠᠬᠤ ᠬᠤᠷᠠᠩᠳᠠ ᠶᠢᠨ ᠺᠣᠮᠠᠨᠳ᠋ᠯᠠᠭᠴᠢ ᠯᠢ ᠱᠤ᠋ ᠶᠤᠸᠠᠨ ᠲᠤᠰᠢᠶᠠᠯ ᠡᠭᠦᠷᠭᠡᠯᠡᠬᠦ ᠵᠠᠷᠯᠢᠭ ᠢ | ᠨᠡᠶᠢᠲᠡᠯᠡᠵᠦ᠂ ᠰᠢᠤᠸᠠᠢ ᠹᠧᠩ ᠴᠢᠩ ᠢ ᠬᠤᠸᠠᠳᠧ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠨᠠᠮ ᠤᠨ ᠬᠤᠷᠢᠶᠠᠨ ᠤ ᠨᠢᠭᠡᠳᠦᠭᠡᠷ ᠱᠦᠵᠢ ᠪᠠᠷ ᠲᠣᠮᠢᠯᠠᠭᠰᠠᠨ ᠤ ᠬᠠᠮᠲᠤ ᠲᠤᠰᠢᠶᠠᠯ ᠳᠤ ᠲᠣᠮᠢᠯᠠᠬᠤ ᠪᠢᠴᠢᠭ | ᠭᠠᠷᠳᠠᠭᠤᠯᠪᠠ᠃ | ᠰᠢᠤᠸᠠᠢ ᠹᠧᠩ ᠴᠢᠩ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠠᠶᠢᠳᠠᠯ ᠶᠠᠭᠠᠬᠢᠵᠤ | ᠬᠤᠪᠢᠷᠠᠭᠰᠠᠨ ᠴᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠰᠤᠯᠠᠷᠠᠭᠤᠯᠬᠤ ᠦᠭᠡᠢ ᠪᠠᠶᠢᠬᠤ | ᠬᠡᠷᠡᠭᠲᠡᠢ︔ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠡᠳᠦᠢ ᠨᠦᠰᠡᠷ ᠬᠦᠨᠳᠦ ᠪᠠᠶᠢᠭᠰᠠᠨ ᠴᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠠᠳᠬᠤᠬᠤ ᠡᠷᠴᠢᠮ ᠢ ᠰᠤᠯᠠᠷᠠᠭᠤᠯᠬᠤ | ᠦᠭᠡᠢ︔ ᠠᠵᠢᠯ ᠬᠡᠳᠦᠢ ᠶᠠᠭᠠᠷᠠᠤ ᠪᠠᠶᠢᠭᠰᠠᠨ ᠴᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠᠷᠢᠮᠵᠢᠶ᠎ᠠ ᠶᠢ | ᠪᠠᠭᠤᠷᠠᠭᠤᠯᠬᠤ ᠦᠭᠡᠢ ᠪᠠᠶᠢᠬᠤ ᠬᠡᠷᠡᠭᠲᠡᠢ᠃ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ᠂ | ᠴᠡᠷᠢᠭ ᠤᠨ ᠶᠠᠪᠤᠳᠠᠯ ᠤᠨ ᠡᠳᠦᠷ᠂ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠵᠡᠷᠭᠡ ᠲᠦᠷᠢᠮ ᠢ | ᠲᠦᠷᠦᠭᠦᠯᠡᠨ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠤᠨ ᠶᠠᠪᠤᠳᠠᠯ ᠤᠨ ᠦᠢᠯᠡᠳᠦᠯᠭᠡ ᠶᠢᠨ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ᠂ ᠴᠡᠷᠢᠭ ᠢᠶᠠᠨ | ᠬᠦᠷᠢᠶᠡᠯᠡᠨ ᠠᠰᠠᠷᠠᠨ ᠬᠠᠷᠠᠭᠠᠯᠵᠠᠬᠤ ᠵᠡᠷᠭᠡ ᠠᠵᠢᠯ ᠢ ᠴᠢᠩᠭᠠᠳᠬᠠᠵᠤ᠂ ᠵᠡᠪᠰᠡᠭᠲᠦ ᠬᠦᠴᠦᠨ ᠤ ᠠᠵᠢᠯ ᠤᠨ ᠰᠢᠨ᠎ᠡ ᠶᠢ | ᠡᠭᠦᠳᠦᠨ ᠬᠥᠭᠵᠢᠬᠦ ᠶᠢ ᠨᠥᠯᠥᠭᠡᠯᠡᠵᠦ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠠᠷᠢᠨ ᠬᠢᠨᠠᠮᠠᠭᠠᠢ | ᠰᠤᠳᠤᠯᠤᠨ ᠰᠢᠢᠳᠪᠦᠷᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ | ᠬᠦᠴᠦᠨ ᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠯᠢ ᠱᠦ ᠶᠤᠸᠠᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠬᠠᠯᠠᠭᠤᠨ ᠪᠠᠶᠠᠷ | ᠬᠦᠷᠭᠡᠵᠡᠶ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ | ᠬᠠᠷᠢᠭᠤᠴᠠᠯᠭ᠎ᠠ ᠶᠢᠨ ᠲᠦᠷᠢᠮ ᠢ ᠤᠬᠠᠮᠰᠠᠷ ᠠᠴᠠ ᠪᠠᠨ ᠬᠠᠮᠠᠭᠠᠯᠠᠨ ᠲᠤᠭᠤᠰᠢᠯᠠᠭᠤᠯᠵᠤ᠂ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠤᠯᠤᠰ ᠲᠥᠷᠥ ᠶᠢᠨ ᠤᠬᠠᠮᠰᠠᠷ᠂ ᠵᠢᠭᠰᠠᠭᠠᠯ ᠤᠨ ᠭᠠᠵᠠᠷ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠨᠡᠨ ᠬᠦ ᠪᠣᠳᠠᠲᠠᠶ ᠠᠳᠬᠤᠬᠤ ᠬᠡᠷᠡᠭᠲᠡᠶ | ᠭᠡᠵᠦ ᠴᠢᠬᠤᠯᠠᠴᠢᠯᠠᠪᠠ᠃ ᠲᠠᠶᠢᠨ ᠳᠤ ᠪᠡᠯᠡᠳᠬᠡᠵᠦ ᠠᠪᠤᠷᠠᠨ ᠲᠤᠰᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠴᠢᠳᠠᠪᠤᠷᠢ ᠶᠢ ᠴᠢᠩᠭᠠᠳᠬᠠᠵᠤ᠂ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠭᠦᠯᠵᠦ᠂ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠲᠤᠰᠠᠯᠠᠨ ᠪᠠᠲᠤᠯᠠᠬᠤ ᠲᠠᠶᠢᠨ ᠬᠢᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠪᠠᠶᠢᠳᠠᠯ ᠡᠭᠦᠷᠭᠡ ᠶᠢᠨ | ᠬᠥᠭᠵᠢᠯᠲᠡ ᠶᠢᠨ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠴᠡᠷᠢᠭ | ᠠᠩᠭᠢ ᠪᠠ ᠣᠷᠣᠨ ᠨᠤᠲᠤᠭ ᠢ ᠲᠥᠪᠯᠡᠷᠡᠭᠦᠯᠦᠨ ᠬᠠᠮᠲᠤ ᠪᠠᠷ ᠪᠠᠶᠢᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢ ᠠᠳᠬᠤᠬᠤ ᠤᠯᠤᠰ ᠲᠥᠷᠥ ᠶᠢᠨ ᠳᠠᠪᠠᠭᠤᠯᠢᠭ ᠢ ᠠᠳᠬᠤᠵᠤ᠂ ᠬᠤᠸᠠᠳᠧ ᠰᠢᠶᠠᠨ ᠤ ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠳᠡᠭᠲᠡᠷ ᠲᠤ ᠭᠠᠷᠬᠤ᠂ ᠰᠢᠨ᠎ᠡ ᠠᠮᠢᠵᠢᠷᠠᠯ ᠤᠨ ᠬᠦᠴᠦᠨ ᠢ | ᠪᠠᠳᠠᠷᠠᠭᠤᠯᠬᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |