ᠥᠷᠭᠡᠨ ᠣᠯᠠᠨ ᠵᠠᠯᠠᠭᠤᠴᠤᠳ ᠪᠠᠭᠠᠴᠤᠳ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠡᠯ᠎ᠡ | ᠦᠨᠳᠦᠰᠦᠲᠡᠨ ᠤ ᠪᠠᠭᠰᠢ ᠰᠤᠷᠤᠭᠴᠢᠳ ᠤᠨ ᠬᠠᠷᠢᠯᠴᠠᠨ ᠳᠣᠲᠣᠨᠣᠴᠢᠯᠠᠬᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠰᠠᠶᠢᠨ | ᠰᠠᠶᠢᠬᠠᠨ ᠪᠠᠶᠢᠳᠠᠯ ᠢ ᠪᠠᠬᠢᠵᠢᠭᠦᠯᠬᠦ ᠶᠢᠨ ᠲᠥᠯᠥᠭᠡ ᠶᠤᠮ᠃ 1 ᠰᠠᠷ᠎ᠠ ᠶᠢᠨ 16 ᠤ ᠡᠳᠦᠷ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠬᠤᠸᠠᠳᠧ ᠰᠢᠶᠠᠨ ᠤ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠬᠤᠸᠠᠳᠧ | ᠰᠢᠶᠠᠨ ᠤ ᠠᠵᠢᠯ ᠤᠨ ᠵᠥᠪᠯᠡᠯ ᠬᠠᠮᠲᠤᠷᠠᠨ ︽ᠪᠢᠴᠢᠬᠠᠨ ᠠᠨᠠᠷ ᠤᠨ ᠦᠷ᠎ᠡ ᠪᠠᠷ ᠨᠢᠭᠡ ᠬᠡᠷ ᠤᠨ ᠬᠥᠮᠦᠨ ᠮᠡᠲᠦ | ᠪᠦᠯᠬᠦᠮᠳᠡᠬᠦ︾ ᠭᠤᠤᠯ ᠰᠡᠳᠦᠪᠲᠦ ᠶᠠᠷᠢᠶᠠᠨ ᠤ ᠤᠷᠤᠯᠳᠤᠭᠠᠨ ᠤ ᠠᠵᠢᠯᠯᠠᠭ᠎ᠠ ᠡᠷᠭᠢᠯᠡᠪᠡ᠃ | | | | ᠠᠵᠢᠯᠯᠠᠭ᠎ᠠ ᠶᠢᠨ ᠳᠤᠮᠳᠠ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠥᠷᠭᠡᠨ ᠤᠯᠠᠨ ᠵᠠᠯᠠᠭᠤᠴᠤᠳ | ᠪᠠᠭᠠᠴᠤᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢᠨ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠯ ᠳᠤ | ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ | ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠣᠶᠣᠯ ᠤᠨ ᠢᠲᠡᠭᠡᠯ ᠢ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠶᠡᠭᠡ | ᠵᠣᠷᠢᠭ ᠢ ᠪᠤᠢ ᠪᠣᠯᠭᠠᠵᠤ᠂ ᠶᠡᠭᠡ ᠮᠣᠷᠠᠯ ᠢ ᠮᠡᠳᠡᠵᠦ᠂ ᠶᠡᠭᠡ ᠴᠢᠳᠠᠪᠤᠷᠢᠲᠠᠨ ᠪᠣᠯᠵᠤ᠂ ᠶᠡᠭᠡ ᠡᠭᠦᠷᠭᠡ ᠶᠢ ᠡᠭᠦᠷᠭᠡᠯᠡᠵᠦ᠂ | ᠵᠠᠯᠠᠭᠤ ᠨᠠᠰᠤ ᠪᠠᠨ ᠡᠬᠡ ᠤᠯᠤᠰ ᠲᠤ ᠪᠠᠨ ᠠᠭᠤᠰᠬᠠᠵᠤ᠂ ᠪᠠᠭ᠎ᠠ ᠨᠠᠮ᠎ᠠ ᠶᠢ ᠶᠡᠭᠡ ᠪᠡᠶ᠎ᠡ ᠳᠡᠭᠡᠨ ᠠᠭᠤᠰᠤᠯᠴᠠᠭᠤᠯᠵᠤ᠂ | ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠭᠠᠷᠠᠢ ᠭᠡᠵᠦ ᠵᠣᠷᠢᠭᠵᠢᠭᠤᠯᠪᠠ᠃ | | | | ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠠᠩᠬᠠᠨ ᠤ | ᠤᠷᠤᠯᠳᠤᠭᠠᠨ ᠢᠶᠠᠷ ᠳᠠᠮᠵᠢᠨ᠂ ᠨᠡᠶᠢᠲᠡ 35 ᠰᠤᠷᠤᠭᠴᠢ ᠤᠷᠤᠯᠳᠤᠭᠠᠨ ᠳᠤ ᠣᠷᠣᠯᠴᠠᠪᠠ᠃ ᠰᠢᠢᠳᠪᠦᠷᠢᠲᠦ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠰᠤᠷᠤᠭᠴᠢᠳ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ᠂ | ᠦᠵᠡᠵᠦ ᠰᠣᠨᠣᠰᠤᠭᠰᠠᠨ ᠵᠦᠢᠯ ᠲᠠᠢ ᠪᠠᠨ ᠤᠶᠠᠯᠳᠤᠭᠤᠯᠵᠤ᠂ ᠨᠥᠯᠥᠭᠡᠯᠡᠬᠦ ᠬᠦᠴᠦᠨ ᠲᠠᠢ ᠦᠭᠡ ᠬᠡᠯᠡ ᠪᠠᠷ | ᠥᠪᠡᠷ ᠤᠨ ᠦᠨᠳᠦᠰᠦᠲᠡᠨ ᠤ ᠪᠦᠯᠬᠦᠮᠳᠡᠯ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠯᠠᠭᠤ ᠨᠠᠰᠤ ᠪᠣᠯᠤᠨ ᠰᠣᠶᠣᠯ ᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠭᠰᠡᠨ ᠦᠯᠢᠭᠡᠷ ᠢᠶᠠᠨ ᠶᠠᠷᠢᠵᠤ᠂ ᠵᠠᠯᠠᠭᠤᠴᠤᠳ ᠪᠠᠭᠠᠴᠤᠳ ᠤᠨ | ᠡᠷᠡᠯᠬᠡᠭᠯᠡᠨ ᠲᠡᠮᠡᠴᠡᠬᠦ᠂ ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠡᠭᠦᠷᠭᠡᠯᠡᠯ ᠢ | ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠶᠢᠨ ᠲᠥᠯᠥᠭᠡ ᠬᠦᠴᠦᠯᠡᠨ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠪᠣᠯᠤᠨ ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠦᠨ ᠬᠠᠮᠤᠭ ᠤᠨ ᠴᠢᠩ ᠦᠨᠡᠨᠴᠢ ᠮᠠᠭᠲᠠᠭᠠᠯ ᠰᠠᠶᠢᠰᠢᠶᠠᠯ ᠢ ᠣᠯᠵᠠᠢ᠃ ᠲᠡᠳᠡ | ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠢᠩ ᠦᠨᠡᠨᠴᠢ ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ᠂ ᠤᠯᠤᠰ | ᠭᠦᠷᠦᠨ ᠤ ᠬᠠᠶᠢᠷ᠎ᠠ ᠰᠡᠳᠭᠢᠯᠭᠡ ᠶᠢᠨ ᠲᠤᠬᠠᠶ ᠰᠡᠳᠬᠢᠯ ᠬᠥᠳᠡᠯᠭᠡᠮ᠎ᠡ ᠬᠠᠭᠤᠳᠠᠰᠤ ᠶᠢ ᠳᠡᠯᠭᠡᠨ ᠦᠵᠡᠭᠦᠯᠵᠦ᠂ | ᠲᠤᠬᠠᠶ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃ | | | ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ ᠤᠨ ᠬᠡᠯᠪᠡᠷᠢ ᠪᠣᠯᠤᠨ | ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠨᠡᠩ ᠤᠯᠠᠨ | ᠰᠣᠯᠢᠯᠴᠠᠭ᠎ᠠ ᠦᠢᠯᠡᠳᠦᠯᠴᠡᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠵᠠᠯᠠᠭᠤᠴᠤᠳ ᠪᠠᠭᠠᠴᠤᠳ ᠤᠨ ᠠᠵᠢᠯ ᠤᠨ ᠪᠦᠬᠦ | ᠶᠠᠪᠤᠴᠠ ᠳᠤ ᠠᠭᠤᠰᠤᠯᠴᠠᠭᠤᠯᠵᠤ᠂ ᠤᠯᠤᠰ ᠲᠦᠷᠦ ᠡᠷᠡᠰ ᠪᠠᠲᠤ᠂ ᠬᠡᠪ ᠪᠣᠯᠪᠠᠰᠤᠷᠠᠯ ᠴᠢᠩᠭ᠎ᠠ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠦᠨ᠎ᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |