ᠴᠤᠤᠶᠠᠩ ᠪᠠᠯᠭᠠᠰᠤᠨ ᠤ ᠪᠤᠯᠤᠩ ᠤᠨ ᠲᠤᠬᠤᠢ ᠲᠣᠰᠬᠤᠨ 2025 ᠣᠨ ᠤ ︽ᠲᠣᠰᠬᠤᠨ ᠣᠷᠣᠢ︾ ᠡᠷᠬᠢᠯᠡᠪᠡ
ᠨᠡᠶᠢᠲᠡᠯᠡᠭᠰᠡᠨ ᠴᠠᠭ᠄
2025/1/20

    2025 ᠣᠨ ᠤ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠲᠣᠰᠬᠤᠨ ᠤ ᠠᠷᠠᠳ ᠤᠨ ᠰᠣᠶᠣᠯ ᠤᠨ

ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠲᠥᠪ ᠤᠨ ᠣᠷᠣᠨ ᠲᠤᠭ᠎ᠠ ᠶᠢᠨ ᠠᠯᠪᠠᠨ

ᠬᠡᠷ ᠠᠴᠠ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠢ ᠴᠡᠭ ᠲᠣᠭᠲᠠᠭᠠᠨ ᠬᠠᠪᠰᠤᠷᠤᠨ ᠲᠡᠳᠬᠦᠵᠦ ᠪᠠᠶᠢᠭᠠᠳ

ᠴᠤᠤᠶᠠᠩ ᠪᠠᠯᠭᠠᠰᠤᠨ ᠤ ᠪᠤᠯᠤᠩ ᠤᠨ ᠲᠣᠬᠤᠢ ᠲᠣᠰᠬᠤᠨ ᠢ ᠬᠠᠪᠰᠤᠷᠤᠨ 2025 ᠣᠨ ᠤ ᠴᠠᠭᠠᠨ ᠰᠠᠷ᠎ᠠ ᠶᠢᠨ

ᠤᠷᠠᠨ ᠰᠠᠶᠢᠬᠠᠨ ᠤ ᠦᠳᠡᠰᠢᠯᠡᠭᠡ ᠶᠢ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂

ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠷᠦᠩ ᠬᠤᠸᠠ ᠠᠵᠢᠯᠯᠠᠭ᠎ᠠ ᠳᠤ ᠣᠷᠣᠯᠴᠠᠵᠤ᠂ ᠴᠤᠤᠶᠠᠩ

ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠦ ᠯᠢᠨ᠂ ᠪᠠᠯᠭᠠᠰᠤᠨ ᠤ ᠳᠠᠷᠤᠭ᠎ᠠ ᠶᠠᠩ ᠴᠢᠩ ᠹᠧᠩ᠂ ᠰᠢᠶᠠᠨ ᠤ

ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠸᠧᠶ ᠵᠢᠶᠧ ᠤᠷᠢᠯᠭ᠎ᠠ ᠪᠠᠷ ᠣᠷᠣᠯᠴᠠᠪᠠ᠃

图片1.png

    ᠯᠢᠦ ᠷᠦᠩ ᠬᠤᠸᠠ ᠦᠳᠡᠰᠢᠯᠡᠭᠡ ᠳᠤ ᠪᠠᠶᠠᠷ ᠤᠨ ᠦᠭᠡ ᠬᠡᠯᠡᠵᠦ᠂ ᠲᠡᠷᠡ ᠡᠩ ᠲᠡᠷᠢᠭᠦᠨ ᠳᠤ ᠲᠣᠰᠬᠤᠨ ᠤ

ᠠᠷᠠᠳ ᠲᠤ ᠳᠣᠲᠣᠨᠣ ᠮᠡᠨᠳᠦᠴᠢᠯᠡᠯ ᠬᠦᠷᠭᠡᠭᠰᠡᠨ ᠪᠥᠭᠡᠳ ᠪᠤᠯᠤᠩ ᠤᠨ ᠲᠣᠬᠤᠢ ᠲᠣᠰᠬᠤᠨ ᠤ ᠥᠩᠭᠡᠷᠡᠭᠰᠡᠨ ᠨᠢᠭᠡ

ᠵᠢᠯ ᠤᠨ ᠠᠵᠢᠯ ᠢ ᠨᠤᠲᠠᠯᠠᠵᠤ᠂ ᠰᠢᠨ᠎ᠡ ᠵᠢᠯ ᠤᠨ ᠬᠥᠭᠵᠢᠯᠲᠡ ᠶᠢ ᠪᠠᠷᠠᠯᠠᠵᠤ᠂ ᠲᠣᠰᠬᠤᠨ ᠤ ᠠᠷᠠᠳ ᠲᠤ ᠰᠠᠶᠢᠨ

ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠳᠠᠷᠠᠭ᠎ᠠ ᠨᠢ ᠦᠳᠡᠰᠢᠯᠡᠭᠡ ᠵᠢᠩᠬᠢᠨᠢ ᠪᠠᠷ ᠡᠬᠢᠯᠡᠭᠰᠡᠨ ᠢ ᠵᠠᠷᠯᠠᠪᠠ᠃

图片2.png

    ᠪᠤᠯᠤᠩ ᠤᠨ ᠲᠣᠬᠤᠢ ᠲᠣᠰᠬᠤᠨ ᠤ ᠯᠦᠩ ᠲᠧᠩ ᠲᠧᠩ ᠡᠶ᠎ᠡ ᠵᠣᠬᠢᠴᠠᠩᠭᠤᠶ ᠪᠥᠵᠢᠭ ᠤᠨ ᠠᠩᠭᠢ ︽ᠨᠠᠰᠤᠨ

ᠰᠡᠭᠦᠳᠡᠷ ᠰᠠᠶᠢᠨ ᠪᠠᠶᠢᠬᠤ ᠨᠢ︾᠂ ︽ᠳᠤᠮᠳᠠᠳᠤ ᠶᠢᠨ ᠪᠦᠬᠦ ᠭᠡᠷ ᠤᠨ ᠪᠤᠶᠠᠨ︾᠂ ︽ᠤᠯᠠᠭᠠᠨ ᠳᠠᠭᠤᠤ ᠭᠤᠷᠪᠠ ᠤᠳᠠᠭ᠎ᠠ

ᠵᠠᠯᠭᠠᠪᠠᠷ ᠪᠥᠵᠢᠭ︾᠂ ︽ᠥᠯᠵᠡᠶᠢᠲᠦ ᠳᠤᠮᠳᠠᠳᠤ ᠤᠯᠤᠰ ᠤᠨ ᠣᠨ︾ ᠭᠡᠬᠦ ᠲᠣᠭᠯᠠᠯᠲᠠ ᠭᠠᠷᠭᠠᠵᠤ᠂ ᠪᠠᠶᠠᠷ

ᠪᠠᠶᠠᠰᠬᠤᠯᠠᠩᠲᠤ ᠳᠠᠭᠤᠤ ᠪᠠ ᠪᠥᠵᠢᠭ ᠢᠶᠠᠷ ᠪᠠᠶᠠᠷ ᠪᠠᠶᠠᠰᠬᠤᠯᠠᠩᠲᠤ ᠪᠠᠶᠢᠳᠠᠯ ᠢ ᠬᠠᠷᠠᠭᠤᠯᠵᠠᠶ᠃ ︽ᠲᠣᠰᠬᠤᠨ ᠳᠤ

ᠣᠷᠣᠯᠴᠠᠭᠠᠳ ᠡᠭᠡᠴᠢ ᠥᠬᠢᠨ ᠳᠡᠭᠦᠦ ᠲᠠᠢ ᠪᠠᠨ ᠬᠠᠮᠲᠤ ᠪᠥᠵᠢᠭᠯᠡᠵᠦ᠂ ᠪᠦᠷ ᠲᠠᠨᠢᠯ ᠰᠠᠶᠢᠨ ᠨᠤᠲᠤᠭ ᠤᠨ ᠠᠬ᠎ᠠ

ᠳᠡᠭᠦᠦ ᠨᠠᠷ ᠲᠠᠢ ᠪᠠᠨ ᠴᠤᠭᠯᠠᠷᠠᠵᠤ᠂ ᠨᠢᠭᠡ ᠭᠡᠷ ᠤᠨ ᠬᠥᠮᠦᠨ ᠰᠢᠭ ᠪᠠᠶᠠᠷ ᠪᠠᠶᠠᠰᠬᠤᠯᠠᠩᠲᠠᠢ︕ ᠪᠦᠵᠢᠭ ᠤᠨ

ᠲᠣᠭᠯᠠᠯᠲᠠ ᠳᠤ ᠣᠷᠣᠯᠴᠠᠭᠰᠠᠨ ᠡᠭᠡᠴᠢ ᠨᠠᠷ ᠪᠠᠶᠠᠷᠲᠠᠢ ᠪᠠᠷ ᠬᠡᠯᠡᠪᠡ᠃

图片3.png

    ᠬᠤᠸᠠᠳᠧ ᠰᠢᠶᠠᠨ ᠤ ᠰᠢᠶᠠᠨ ᠹᠧᠩ ᠨᠡᠶᠢᠭᠡᠮ ᠲᠣᠭᠤᠷᠢᠭ ᠤᠨ ᠤᠷᠠᠯᠢᠭ ᠤᠨ ᠪᠦᠯᠬᠦᠮ ᠨᠢ ᠲᠣᠰᠬᠤᠨ ᠤ

ᠠᠷᠠᠳ ᠲᠤ ︽ᠨᠠᠮ ᠤᠨ ᠬᠤᠷᠢᠳᠤᠭᠠᠷ ᠶᠡᠭᠡ ᠬᠤᠷᠠᠯ ᠪᠣᠯ ᠵᠠᠮ ᠤᠨ ᠳ᠋ᠧᠩ ᠢ ᠵᠢᠭᠠᠵᠤ ᠪᠣᠶ︾᠂ ᠱᠠᠨ ᠰᠢ ᠵᠦᠴᠦᠭᠡ

︽ᠰᠢᠶᠠ ᠾᠧ ᠳ᠋ᠦᠩ︾᠂ ᠪᠡᠭᠡᠵᠢᠩ ᠵᠦᠴᠦᠭᠡ ᠶᠢᠨ ᠲᠣᠭᠯᠠᠯᠲᠠ ︽ᠣᠶᠤᠨᠴᠢ ᠠᠪᠤᠷᠭᠤ ᠪᠠᠷᠰ ᠠᠭᠤᠯᠠ︾ ᠵᠡᠷᠭᠡ

ᠲᠣᠭᠯᠠᠯᠲᠠ ᠠᠪᠴᠢᠷᠠᠵᠤ ᠥᠭᠪᠡ᠃ ᠲᠣᠭᠯᠠᠯᠲᠠ ᠰᠣᠨᠢᠷᠬᠠᠭᠰᠠᠨ ᠲᠣᠰᠬᠤᠨ ᠤ ᠠᠷᠠᠳ᠄ ︽ᠰᠢᠶᠠᠨ ᠠᠴᠠ ᠢᠷᠡᠭᠰᠡᠨ

ᠪᠠᠭᠰᠢ ᠨᠠᠷ ᠳᠠᠭᠤᠤ ᠳᠠᠭᠤᠯᠠᠵᠤ ᠪᠥᠵᠢᠭ ᠪᠥᠵᠢᠭᠯᠡᠵᠦ᠂ ᠡᠯ ᠷᠧᠨ ᠲᠠᠢ ᠲᠣᠭᠯᠠᠯᠲᠠ ᠨᠢ ᠴᠦ ᠰᠠᠶᠢᠨ᠂ ᠲᠤᠰᠬᠠᠶ

ᠮᠡᠷᠭᠡᠵᠢᠯ ᠤᠨ ᠬᠠᠪᠰᠤᠷᠤᠭᠴᠢ ᠪᠦᠯᠬᠦᠮ ᠪᠠᠶᠢᠳᠠᠭ ᠪᠣᠯᠬᠤᠷ ᠮᠠᠨ ᠤ ᠲᠣᠰᠬᠤᠨ ᠢ ᠨᠠᠩ ᠬᠥᠷ ᠬᠥᠭᠵᠢᠶᠡᠨ ᠲᠠᠢ

ᠪᠣᠯᠭᠠᠨ᠎ᠠ︾ ᠭᠡᠵᠦ ᠬᠡᠯᠡᠪᠡ᠃

    ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠤᠪᠢᠷᠠᠯᠲᠠ ᠶᠡᠭᠡ᠂ ᠨᠠᠮ ᠠᠴᠠ ᠠᠷᠭ᠎ᠠ ᠤᠬᠠᠭᠠᠨ

ᠰᠦᠪᠡᠭᠴᠢᠯᠡᠬᠦ ᠳᠤ ᠲᠦᠰᠢᠭᠯᠡᠨ᠎ᠡ᠃ ᠬᠠᠨᠴᠤᠢ ᠰᠢᠮᠠᠯᠠᠨ ᠱᠠᠯᠠᠮᠠᠭᠠᠢᠯᠠᠨ ᠠᠵᠢᠯᠯᠠᠵᠠᠭᠠᠨ᠎ᠠ᠂ ᠴᠤᠭ ᠲᠠᠭᠠᠨ ᠪᠦ᠋ ᠯᠦᠩ

ᠸᠠᠨ ᠢ ᠪᠦᠳᠦᠭᠡᠨ ᠪᠠᠶᠢᠭᠤᠯᠤᠶ᠎ᠠ︕︾ ᠲᠣᠰᠬᠤᠨ ᠤ ᠠᠷᠠᠳ ᠥᠪᠡᠷ ᠢᠶᠠᠨ ᠵᠣᠬᠢᠶᠠᠨ ᠪᠦᠲᠦᠭᠡᠭᠰᠡᠨ ᠴᠠᠷᠭᠢᠯ

ᠬᠤᠯᠪᠣᠭ᠎ᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾᠂ ᠭᠤᠷᠪᠠᠨ

ᠥᠭᠦᠯᠡᠪᠦᠷᠢ ᠬᠠᠭᠠᠰ ︽ᠮᠠᠨ ᠤ ᠲᠣᠰᠬᠤᠨ ᠤ ᠰᠢᠨ᠎ᠡ ᠬᠤᠪᠢᠷᠠᠯᠲᠠ ᠶᠢ ᠮᠠᠭᠲᠠᠨ ᠰᠠᠶᠢᠰᠢᠶᠠᠵᠤ ᠪᠠᠶᠢᠨ᠎ᠠ︾᠂

ᠲᠣᠰᠬᠤᠨ ᠤ ᠣᠶᠢᠷ᠎ᠠ ᠶᠢᠨ ᠵᠢᠯ ᠤᠨ ᠡᠳᠦᠷ ᠢᠷᠡᠬᠦᠶ᠎ᠡ ᠰᠠᠶᠢᠨ ᠰᠠᠶᠢᠬᠠᠨ ᠬᠤᠪᠢᠷᠠᠯᠲᠠ ᠶᠢ ᠶᠠᠷᠢᠵᠤ᠂ ᠨᠠᠮ ᠤᠨ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠰᠢᠨ᠎ᠡ ᠨᠢᠭᠡ

ᠵᠢᠯ ᠤᠨ ᠰᠠᠶᠢᠨ ᠰᠠᠶᠢᠬᠠᠨ ᠵᠥᠩᠨᠡᠯ ᠢᠶᠠᠨ ᠢᠯᠡᠳᠬᠡᠪᠡ᠃

    ᠲᠥᠪ ᠤᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠤᠨ

ᠵᠠᠯᠠᠭᠤ ᠺᠠᠳ᠋ᠷᠴᠤᠳ ᠨᠠᠶᠢᠷᠠᠯ ᠳᠠᠭᠤᠤ ︽ᠬᠠᠷᠢᠯᠴᠠᠨ ᠬᠠᠶᠢᠷᠠᠯᠠᠶ᠎ᠠ︾᠂ ᠳᠠᠭᠤᠤ ᠪᠠᠷ ᠳᠠᠮᠵᠢᠨ ᠴᠢᠩ ᠦᠨᠡᠨᠴᠢ

ᠰᠡᠳᠬᠢᠯᠭᠡ ᠪᠠᠨ ᠢᠯᠡᠳᠬᠡᠵᠦ᠂ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠪᠣᠯᠤᠨ ᠬᠤᠸᠠᠳᠧ ᠶᠢᠨ ᠲᠤᠬᠠᠢ ᠶᠢᠨ

ᠭᠠᠵᠠᠷ ᠤᠨ ᠲᠣᠰᠬᠤᠨ ᠤ ᠠᠷᠠᠳ ᠬᠠᠷᠢᠯᠴᠠᠨ ᠬᠠᠯᠠᠮᠵᠢᠯᠠᠨ ᠬᠠᠶᠢᠷᠠᠯᠠᠵᠤ᠂ ᠨᠢᠭᠡ ᠭᠡᠷ ᠢᠶᠠᠷ ᠢᠶᠠᠨ ᠠᠵᠢᠯ ᠠᠮᠢᠳᠤᠷᠠᠯ

ᠳᠤᠮᠳᠠ ᠭᠦᠨ ᠵᠤᠵᠠᠭᠠᠨ ᠨᠥᠬᠦᠷᠯᠡᠯ ᠪᠣᠯᠵᠠᠶ᠃

    ᠲᠣᠰᠬᠤᠨ ᠤ ᠣᠷᠣᠢ ᠪᠣᠯ ᠲᠣᠰᠬᠤᠨ ᠤ ᠬᠠᠮᠤᠭ ᠤᠨ ᠪᠠᠶᠠᠷ ᠪᠠᠶᠠᠰᠤᠯ ᠤᠨ ᠦᠶ᠎ᠡ ᠪᠣᠯᠤᠨ᠎ᠠ᠂ ᠲᠣᠰᠬᠤᠨ ᠤ

ᠠᠷᠠᠳ ᠤᠨ ᠤᠷᠠᠯᠢᠭᠴᠢᠳ ᠬᠠᠮᠲᠤ ᠪᠠᠷ ᠪᠠᠶᠢᠯᠳᠤᠭᠠᠨ ᠳᠤ ᠣᠷᠣᠯᠴᠠᠵᠤ᠂ ᠮᠠᠨ ᠤ ᠲᠣᠰᠬᠤᠨ ᠤ ᠠᠷᠠᠳ ᠤᠨ

ᠥᠪᠡᠷ ᠢᠶᠠᠨ ᠨᠠᠶᠢᠷᠠᠭᠤᠯᠤᠭᠰᠠᠨ ᠴᠠᠷᠭᠢᠯ ᠬᠤᠯᠪᠣᠭ᠎ᠠ ᠶᠢᠨ ᠶᠠᠩᠭᠠᠷ ᠪᠥᠵᠢᠭᠯᠡᠬᠦ ᠨᠢ ᠪᠠᠶᠠᠷᠯᠠᠭᠤᠰᠢᠲᠠᠢ ᠶᠠᠪᠤᠳᠠᠯ

ᠪᠣᠯᠤᠨ᠎ᠠ᠃ ᠲᠠᠶᠢᠰᠠᠨ ᠳᠡᠭᠡᠷᠡᠬᠢ ᠲᠣᠰᠬᠤᠨ ᠤ ᠠᠷᠠᠳ ᠤᠨ ᠴᠤᠭ ᠪᠠᠳᠠᠷᠠᠩᠭᠤᠶ ᠣᠶᠤᠨ ᠰᠠᠨᠠᠭᠠᠨ ᠤ ᠬᠦᠴᠦᠨ ᠪᠣᠯ

ᠮᠥᠨ ᠴᠦ ᠬᠥᠭᠵᠢᠭᠦᠯᠦᠨ ᠮᠠᠨᠳᠤᠭᠤᠯᠬᠤ ᠡᠷᠴᠢ ᠵᠣᠷᠢᠭ ᠮᠥᠨ︾ ᠭᠡᠵᠦ ᠬᠡᠯᠡᠪᠡ᠃ ᠲᠣᠰᠬᠤᠨ ᠤ ᠨᠢᠭᠡᠳᠦᠭᠡᠷ

ᠳᠠᠷᠤᠭ᠎ᠠ ᠯᠢ ᠸᠡᠢ ᠯᠤᠩ ᠬᠡᠯᠡᠬᠢ ᠳᠤ᠃

    ᠲᠣᠰ ᠤᠳᠠᠭᠠᠨ ᠤ ᠠᠵᠢᠯᠯᠠᠭ᠎ᠠ ᠨᠢ ᠪᠤᠯᠤᠩ ᠤᠨ ᠲᠣᠬᠤᠢ ᠲᠣᠰᠬᠤᠨ ᠤ ᠠᠷᠠᠳ ᠤᠨ ᠴᠤᠭ ᠪᠠᠳᠠᠷᠠᠩᠭᠤᠶ

ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠵᠦ᠂ ᠨᠤᠲᠤᠭ ᠤᠨ ᠪᠠᠶᠢᠳᠠᠯ ᠢ ᠨᠢᠭᠲᠠᠷᠠᠭᠤᠯᠤᠨ᠂

ᠢᠳᠡᠪᠬᠢᠲᠡᠶ ᠪᠠᠷ ᠥᠭᠡᠳᠡᠯᠡᠨ ᠳᠠᠪᠰᠢᠬᠤ ᠠᠮᠢᠳᠤᠷᠠᠯ ᠤᠨ ᠣᠶᠢᠯᠠᠭᠠᠭᠳᠠᠬᠤᠨ ᠪᠠ ᠠᠮᠢᠳᠤᠷᠠᠯ ᠤᠨ ᠠᠷᠭ᠎ᠠ ᠮᠠᠶ᠋ᠢᠭ ᠢ

ᠳᠠᠮᠵᠢᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠪᠠ᠃ ᠡᠭᠦᠨ ᠤ ᠬᠠᠮᠲᠤ ᠲᠣᠰᠬᠤᠨ ᠤ ᠠᠷᠠᠳ

ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠣᠰᠬᠤᠨ ᠤ ᠠᠷᠠᠳ ᠢ ᠤᠯᠠᠮ ᠴᠢᠨᠠᠭᠰᠢᠳᠠ ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠳᠦᠯᠦᠨ ᠳᠠᠭᠠᠭᠤᠯᠪᠠ᠃

ᠳᠠᠷᠠᠭᠠᠴᠢ ᠶᠢᠨ ᠠᠯᠬᠤᠮ ᠳᠤ᠂ ᠪᠤᠯᠤᠩ ᠤᠨ ᠸᠠᠨ ᠲᠣᠰᠬᠤᠨ ᠲᠣᠰᠬᠤᠨ ᠤ ᠠᠷᠠᠳ ᠤᠨ ᠪᠦᠲᠦᠭᠡᠯᠴᠢ ᠬᠦᠴᠦᠨ ᠢ

ᠲᠠᠰᠤᠷᠠᠯᠲᠠ ᠦᠭᠡᠢ ᠬᠥᠭᠵᠢᠭᠡᠵᠦ᠂ ᠲᠣᠰᠬᠤᠨ ᠤ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ

ᠴᠢᠨᠠᠭᠰᠢᠳᠠ ᠪᠠᠶᠠᠯᠢᠭᠵᠢᠭᠤᠯᠵᠤ᠂ ᠨᠤᠲᠤᠭ ᠤᠨ ᠰᠣᠶᠣᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠰᠣᠶᠣᠯ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯᠤᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2