ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/1/21

   ᠤᠢᠢᠷ᠎ᠠ ᠶᠢᠨ ᠵᠢᠯ ᠠᠴᠠ᠂ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ

ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠠᠶᠢᠩᠭᠤ ᠶᠢᠨ᠂ ᠪᠣᠳᠠᠲᠠᠢ᠂ ᠰᠢᠨ᠎ᠡ︾ ᠭᠡᠬᠦ ᠭᠤᠷᠪᠠᠨ

ᠨᠣᠮ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠬᠡᠪᠴᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ

ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠪᠠ᠃

    ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠷᠢᠮᠲᠠᠯᠠᠵᠤ᠂ ︽ᠪᠠᠶᠢᠩᠭᠤ︾ ᠭᠡᠬᠦ ᠦᠰᠦᠭ ᠢ ᠰᠠᠶᠢᠲᠤᠷ

ᠬᠡᠷᠡᠭᠯᠡᠨ᠎ᠡ᠃

    ︽ᠪᠠᠶᠢᠩᠭᠤ︾ ᠦᠰᠦᠭ ᠢᠶᠠᠷ ᠭᠤᠣᠯ ᠪᠣᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ

ᠲᠣᠭᠲᠠᠴᠠ ᠶᠢ ᠬᠦᠴᠦᠯᠡᠨ ᠪᠠᠶᠢᠭᠤᠯᠵᠤ᠂ ᠨᠠᠮ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ

ᠬᠥᠭᠵᠢᠬᠦ ᠳᠤ ᠦᠵᠡᠭᠦᠯᠬᠦ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠪᠠ᠃ ᠨᠠᠮ ᠤᠨ ᠤᠳᠤᠷᠢᠳᠬᠤ

ᠳᠤᠭᠤᠶᠢᠯᠠᠩ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠶᠢᠩᠭᠤᠵᠢᠭᠰᠠᠨ ᠤᠯᠤᠯᠴᠠᠭ᠎ᠠ

ᠰᠣᠯᠢᠯᠴᠠᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠬᠤᠸᠠᠳᠧ ᠰᠢᠶᠠᠨ ᠤ ᠠᠷᠠᠳ ᠤᠨ

ᠡᠵᠡᠩᠨᠡᠯᠲᠡ ᠶᠢᠨ ᠠᠵᠤ ᠠᠬᠤᠶᠢᠯᠠᠯ ᠤᠨ ᠤᠯᠤᠯᠴᠠᠭ᠎ᠠ ᠰᠣᠯᠢᠯᠴᠠᠭᠠᠨ ᠤ ᠲᠣᠭᠲᠠᠴᠠ︾ ᠶᠢ ᠲᠣᠭᠲᠠᠭᠠᠵᠤ᠂ ︽ᠬᠤᠣᠰ

ᠴᠢᠭᠯᠡᠯ︾ ᠤᠨ ᠵᠠᠰᠠᠭ ᠠᠵᠤ ᠠᠬᠤᠶᠢᠯᠠᠯ ᠤᠨ ᠤᠯᠤᠯᠴᠠᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ᠶᠠᠷᠢᠯᠴᠠᠬᠤ ᠬᠤᠷᠠᠯ

ᠬᠤᠷᠠᠯᠳᠤᠭᠤᠯᠵᠤ ︽ᠠᠵᠤ ᠠᠬᠤᠶᠢᠯᠠᠯ ᠢ ᠢᠷᠡᠭᠦᠯᠵᠦ︾ ᠬᠦᠴᠢᠷᠳᠡᠯ ᠢ ᠨᠢ ᠰᠢᠢᠳᠪᠦᠷᠢᠯᠡᠵᠦ᠂ ᠪᠠᠶᠢᠴᠠᠭᠠᠨ

ᠰᠤᠳᠤᠯᠤᠯᠲᠠ ᠬᠢᠵᠦ ︽ᠠᠵᠤ ᠠᠬᠤᠶᠢᠯᠠᠯ ᠢ ᠣᠴᠢᠬᠤ︾ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠦᠨ

ᠰᠢᠢᠳᠪᠦᠷᠢᠯᠡᠪᠡ᠃ ᠨᠠᠮ ᠤᠨ ᠭᠡᠰᠢᠭᠦᠨ ᠲᠦᠷᠦᠭᠦᠯᠡᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ

ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠤᠯᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ

ᠪᠠᠶᠢᠩᠭᠤᠵᠢᠭᠰᠠᠨ ᠬᠠᠷᠢᠯᠴᠠᠭ᠎ᠠ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠶᠠᠷᠢᠯᠴᠠᠬᠤ ᠬᠤᠷᠠᠯ ᠢ

ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠥᠭᠵᠢᠯᠲᠡ ᠶᠢᠨ

ᠪᠠᠶᠢᠳᠠᠯ ᠢ ᠨᠢᠭᠤᠷᠳᠠᠨ ᠣᠶᠢᠯᠠᠭᠠᠵᠤ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂

ᠦᠢᠯᠡᠳᠪᠦᠷᠢ ᠶᠢᠨ ᠲᠠᠰᠤᠭ ᠲᠤ ᠣᠷᠣᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠤᠨᠢᠨ

ᠳᠡᠭᠡᠷ᠎ᠡ ᠨᠢ ᠬᠠᠪᠰᠤᠷᠤᠨ ᠲᠡᠳᠬᠦᠬᠦ ᠶᠢ ᠤᠶᠠᠯᠳᠤᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ

ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂

2024 ᠣᠨ ᠳᠤ ᠶᠠᠷᠢᠯᠴᠠᠬᠤ ᠬᠤᠷᠠᠯ ᠥᠷᠨᠢᠭᠦᠯᠬᠦ ᠵᠢᠴᠢ ᠠᠵᠤ ᠠᠬᠤᠶᠢᠯᠠᠯ ᠳᠤ ᠰᠢᠨᠵᠢᠯᠡᠨ ᠪᠠᠶᠢᠴᠠᠭᠠᠵᠤ

ᠰᠤᠳᠤᠯᠤᠯᠲᠠ ᠬᠢᠬᠦ ᠳᠤ ᠨᠡᠶᠢᠲᠡ 10 ᠭᠠᠷᠤᠢ ᠤᠳᠠᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ

ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃

    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠣᠳᠠᠲᠠᠢ︾ ᠪᠠᠶᠢᠬᠤ ᠶᠢ ᠰᠠᠶᠢᠲᠤᠷ ᠠᠳᠬᠤᠨ᠎ᠠ

    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ ᠢ ᠦᠢᠯᠡᠳᠦᠯᠭᠡᠵᠢᠭᠦᠯᠵᠦ᠂ ︽ᠪᠣᠳᠠᠲᠠᠢ︾ ᠪᠠᠶᠢᠬᠤ ᠪᠠᠷ ᠠᠵᠤ

ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠤᠨ

ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠠᠰᠠᠭᠤᠳᠠᠯ ᠢ ᠬᠠᠷᠢᠭᠤ

ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠰᠬᠠᠶ ᠰᠡᠳᠦᠪᠲᠦ ᠶᠠᠷᠢᠯᠴᠠᠬᠤ ᠬᠤᠷᠠᠯ ᠵᠢᠴᠢ

ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠴᠤᠭᠯᠠᠭᠤᠯᠤᠭᠰᠠᠨ ᠠᠵᠤ ᠠᠬᠤᠶᠢᠯᠠᠯ ᠤᠨ ᠬᠦᠰᠡᠯ

ᠱᠠᠭᠠᠷᠳᠠᠯᠭ᠎ᠠ ᠶᠢ ᠰᠢᠰᠲ᠋ᠧᠮ ᠲᠠᠢ ᠪᠠᠷ ᠡᠮᠬᠢᠯᠡᠵᠦ᠂ ᠡᠬᠡ ᠲᠠᠩᠰᠠ ᠶᠢᠨ ᠨᠠᠷᠢᠨ ᠲᠠᠩᠰᠠ ᠶᠢ ᠪᠦᠷᠢᠯᠳᠦᠭᠦᠯᠵᠦ᠂

ᠠᠰᠠᠭᠤᠳᠠᠯ ᠢ ᠴᠤᠭᠯᠠᠭᠤᠯᠬᠤ᠂ ᠰᠢᠢᠳᠪᠦᠷᠢᠯᠡᠬᠦ ᠶᠢ ᠳᠠᠭᠠᠵᠤ ᠪᠠᠶᠢᠭᠰᠠᠨ ᠠᠴᠠ ᠪᠠᠨ ᠦᠷ᠎ᠡ ᠳ᠋ᠦᠩ ᠢ ᠬᠠᠷᠢᠭᠤ

ᠲᠤᠰᠬᠠᠬᠤ ᠪᠥᠬᠦ ᠶᠠᠪᠤᠴᠠ ᠶᠢᠨ ᠬᠠᠮᠢᠶᠠᠷᠤᠯᠲᠠ ᠶᠢᠨ ᠪᠢᠲᠡᠭᠦᠦ ᠴᠠᠭᠠᠷᠢᠭ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ

ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ

ᠰᠠᠨᠠᠭ᠎ᠠ ᠶᠢ ᠴᠢᠩᠭ᠎ᠠ ᠲᠤᠤᠱᠯᠠᠭᠤᠯᠵᠤ᠂ ᠰᠢᠶᠠᠨ ᠤ ᠳᠣᠲᠣᠷᠠᠬᠢ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ

ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠠᠵᠤ ᠠᠬᠤᠶᠢᠯᠠᠯ ᠤᠨ ᠳᠠᠪᠠᠭᠤᠯᠢᠭ ᠬᠢᠯᠠᠰ ᠴᠡᠭ ᠢ ᠭᠦᠨᠵᠡᠭᠡᠶ ᠠᠭᠤᠳᠠᠯᠵᠤ᠂

ᠬᠤᠲᠠ ᠶᠢᠨ ᠲᠣᠰ ᠱᠠᠲᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠭᠤᠤᠯᠳᠠᠯᠭ᠎ᠠ ᠲᠠᠢ

ᠬᠠᠷᠢᠯᠴᠠᠵᠤ ᠦᠢᠯᠡᠴᠢᠯᠡᠬᠦ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ 1 ᠠᠵᠤ ᠠᠬᠤᠶᠢᠯᠠᠯ ᠢ ᠥᠪᠡᠷᠲᠡᠭᠡᠨ

ᠵᠠᠰᠠᠬᠤ ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠵᠢᠭᠰᠠᠭᠠᠨ

ᠣᠷᠣᠭᠤᠯᠪᠠ᠃ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠵᠣᠬᠢᠴᠠᠭᠤᠯᠬᠤ ᠠᠵᠢᠯ ᠢ ᠶᠡᠬᠡᠪᠡᠷ

ᠠᠬᠢᠭᠤᠯᠵᠤ᠂ ᠲᠥᠰᠦᠯ ᠲᠣᠭᠲᠠᠭᠠᠨ᠂ ᠲᠤᠰᠬᠠᠶ ᠠᠩᠭᠢ ᠪᠠᠶᠢᠭᠤᠯᠵᠤ᠂ ᠪᠠᠩᠬᠢ ᠠᠵᠤ ᠠᠬᠤᠶᠢᠯᠠᠯ ᠲᠠᠢ ᠬᠤᠯᠪᠣᠵᠤ᠂

ᠠᠵᠢᠯ ᠤᠨ ᠴᠤᠪᠤᠷᠠᠯ ᠵᠢᠷᠤᠭ ᠵᠣᠬᠢᠶᠠᠬᠤ ᠶᠢᠨ ᠬᠠᠮᠲᠤ ︽ᠮᠢᠩᠭᠠᠨ ᠠᠵᠤ ᠠᠬᠤᠶᠢᠯᠠᠯ ᠲᠦᠮᠡᠨ ᠡᠷᠦᠬᠡ ᠶᠢᠨ ᠶᠡᠭᠡ

ᠰᠤᠷᠪᠤᠯᠵᠢᠯᠠᠭ᠎ᠠ︾ ᠶᠢᠨ ᠮᠡᠳᠡᠭᠳᠡᠬᠦ ᠪᠢᠴᠢᠭ ᠢ ᠨᠡᠶᠢᠲᠡᠯᠡᠵᠦ᠂ 5695 ᠠᠵᠤ ᠠᠬᠤᠶᠢᠯᠠᠯ ᠢ ᠰᠤᠷᠪᠤᠯᠵᠢᠯᠠᠪᠠ᠃

︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠠᠷᠭ᠎ᠠ ᠮᠠᠶ᠋ᠢᠭ ᠢᠶᠠᠷ ᠡᠯ᠎ᠡ ᠵᠢᠵᠢᠭ ᠪᠢᠴᠢᠯ ᠠᠵᠤ

ᠠᠬᠤᠶᠢᠯᠠᠯ ᠤᠨ ᠪᠠᠯᠠ ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠰᠦᠯᠵᠢᠶᠡᠨ ᠳᠡᠭᠡᠷᠡᠬᠢ ᠪᠠᠯᠠ

ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠶᠢ 174 ᠬᠤᠪᠢ ᠠᠮᠵᠢᠯᠲᠠ ᠲᠠᠢ ᠪᠠᠷ ᠲᠠᠯᠪᠢᠵᠤ᠂ ᠨᠡᠶᠢᠲᠡ 129 ᠬᠤᠪᠢ

ᠢᠲᠡᠭᠡᠮᠵᠢ ᠣᠯᠭᠤᠵᠤ᠂ ᠨᠡᠶᠢᠲᠡ 6948.8 ᠲᠦᠮᠡᠨ ᠲᠥᠭᠦᠷᠢᠭ ᠤᠨ ᠢᠲᠡᠭᠡᠮᠵᠢ ᠣᠯᠭᠤᠭᠰᠠᠨ ᠵᠣᠭᠤᠰ ᠤᠨ

ᠲᠤᠭ᠎ᠠ 6948.8 ᠲᠦᠮᠡᠨ ᠲᠥᠭᠦᠷᠢᠭ ᠲᠤ ᠬᠦᠷᠴᠦ᠂ ᠰᠦᠯᠵᠢᠶᠡᠨ ᠭᠠᠳᠠᠨᠠᠬᠢ ᠪᠠᠯᠠ ᠴᠤᠭᠯᠠᠭᠤᠯᠬᠤ ᠬᠡᠷᠡᠭᠴᠡᠭᠡ

ᠱᠠᠭᠠᠷᠳᠠᠯᠭ᠎ᠠ ᠲᠠᠢ ᠠᠵᠤ ᠠᠬᠤᠶᠢᠯᠠᠯ 697 ᠪᠠᠶᠢᠵᠤ᠂ 406 ᠵᠢᠵᠢᠭ ᠪᠢᠴᠢᠯ ᠠᠵᠤ ᠠᠬᠤᠶᠢᠯᠠᠯ ᠤᠨ ᠪᠠᠯᠠ

ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ᠂ ᠪᠠᠯᠠ ᠲᠣᠬᠢᠷᠠᠭᠤᠯᠬᠤ ᠳᠤ ᠤᠳᠠᠭᠠᠨ ᠪᠠᠶᠢᠬᠤ

ᠠᠰᠠᠭᠤᠳᠠᠯ ᠢ ᠰᠢᠢᠳᠪᠦᠷᠢᠯᠡᠪᠡ᠃

 ᠣᠨᠣᠪᠴᠢᠲᠠᠶ ᠵᠣᠯᠭᠠᠭᠤᠯᠬᠤ ᠶᠢ ᠪᠠᠷᠢᠮᠲᠠᠯᠠᠵᠤ᠂ ︽ᠰᠢᠨ᠎ᠡ︾ ᠭᠡᠬᠦ ᠥᠰᠥᠭ ᠢ ᠠᠭᠤᠳᠠᠯᠤᠨ᠎ᠠ

    ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠠᠮ ᠤᠨ ᠵᠣᠬᠢᠶᠠᠨ

ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂

︽ᠰᠢᠨ᠎ᠡ︾ ᠪᠠᠷ ᠬᠥᠳᠡᠯᠭᠡᠭᠦᠷ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ

ᠰᠦᠪᠡᠭᠴᠢᠯᠡᠨ ᠪᠠᠶᠢᠭᠤᠯᠬᠤ ᠬᠡᠷᠡᠭᠲᠡᠢ᠃ ᠰᠢᠶᠠᠨ ᠤ ᠳᠣᠲᠣᠷᠠᠬᠢ ᠡᠯ᠎ᠡ ᠰᠠᠯᠠᠭ᠎ᠠ ᠮᠥᠴᠢᠷ ᠤᠨ ᠬᠠᠮᠲᠤᠷᠠᠯ ᠤᠨ

ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠪᠠᠬᠢᠯᠡᠯᠲᠡ ᠶᠢ ᠨᠡᠪᠲᠡᠷᠡᠭᠦᠯᠵᠦ᠂ ᠠᠷᠠᠳ ᠤᠨ

ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠵᠣᠯᠭᠠᠭᠤᠯᠬᠤ ᠠᠵᠢᠯ ᠤᠨ 9 ᠰᠠᠯᠠᠭ᠎ᠠ ᠮᠥᠴᠢᠷ ᠲᠠᠢ

ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠠᠵᠤ ᠠᠬᠤᠶᠢᠯᠠᠯ ᠨᠢᠭᠡᠪᠦᠷᠢ ᠶᠢᠨ ᠬᠦᠰᠡᠯ ᠱᠠᠭᠠᠷᠳᠠᠯᠭ᠎ᠠ ᠳᠤ

ᠴᠢᠭᠯᠡᠭᠦᠯᠦᠨ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠵᠢᠷᠤᠮᠯᠠᠵᠤ᠂ ᠬᠠᠷᠢᠭᠤᠴᠠᠯᠭᠠᠲᠤ

ᠨᠢᠭᠡᠴᠡ ᠶᠢ ᠲᠣᠳᠣᠷᠬᠠᠶᠢᠯᠠᠵᠤ᠂ ᠡᠭᠦᠷᠭᠡ ᠶᠢᠨ ᠬᠠᠷᠠᠯᠲᠠ ᠶᠢ ᠨᠠᠷᠢᠨ ᠬᠤᠪᠢᠶᠠᠵᠤ᠂ ᠵᠦᠢᠯ ᠳᠠᠷᠠᠭᠠᠯᠠᠨ ᠠᠬᠢᠭᠤᠯᠤᠨ

ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠲᠥᠷᠥ ᠶᠢᠨ ᠪᠣᠳᠣᠯᠭ᠎ᠠ ᠶᠢ

ᠳᠡᠯᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠳᠠᠯᠢ ᠪᠤᠰᠤ ᠰᠠᠯᠠᠭ᠎ᠠ ᠮᠥᠴᠢᠷ ᠤᠳ ᠬᠠᠮᠲᠤᠷᠠᠨ

ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠣᠯᠪᠠᠰᠤᠷᠠᠭᠤᠯᠤᠯ ᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ

ᠠᠬᠤᠶᠢᠯᠠᠯ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠭ᠎ᠠ᠂ ᠪᠠᠯᠠ

ᠲᠣᠬᠢᠷᠠᠭᠤᠯᠭ᠎ᠠ ᠶᠢ ᠵᠣᠯᠭᠠᠭᠤᠯᠬᠤ᠂ ᠮᠡᠷᠭᠡᠵᠢᠯ ᠤᠨ ᠵᠥᠪᠯᠡᠯᠭᠡ ᠥᠭᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ

ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠥᠷᠨᠢᠭᠦᠯᠵᠦ᠂ 24 ᠵᠢᠯ ᠳᠤ ᠨᠡᠶᠢᠲᠡ 4 ᠤᠳᠠᠭ᠎ᠠ

ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ 20 ᠭᠠᠷᠤᠶ ᠠᠵᠤ ᠠᠬᠤᠶᠢᠯᠠᠯ ᠲᠠᠢ ᠬᠤᠯᠪᠣᠭᠳᠠᠵᠠᠶ᠃ ᠮᠡᠳᠡᠭᠡ

ᠵᠠᠩᠭᠢᠵᠢᠯᠲᠠ ᠶᠢᠨ ᠲᠠᠪᠴᠠᠩ ᠢ ᠭᠦᠢᠴᠡᠳ ᠠᠰᠢᠭᠯᠠᠨ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠠᠷᠠᠳ ᠠᠴᠠ

ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠬᠠᠮᠢᠶ᠎ᠠ

ᠪᠥᠬᠦᠶ ᠪᠣᠯᠪᠠᠰᠤᠷᠠᠭᠤᠯᠤᠯ ᠰᠤᠷᠤᠯᠴᠠᠯᠭ᠎ᠠ ᠶᠢ ᠨᠢᠭᠡᠨᠲᠡ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠳᠤ ᠲᠣᠰ

ᠲᠠᠪᠴᠠᠩ ᠢ ᠬᠡᠷᠡᠭᠯᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠰᠠᠭᠤᠳᠠᠯ ᠢ ᠴᠤᠭᠯᠠᠭᠤᠯᠬᠤ ᠪᠠ

ᠰᠢᠢᠳᠪᠦᠷᠢᠯᠡᠬᠦ ᠶᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠦᠷ᠎ᠡ ᠪᠦᠲᠦᠮᠵᠢ

ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2