ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠩ ᠳᠠᠳᠬᠠᠯ ᠢ ᠥᠭᠡᠷᠡᠴᠢᠯᠡᠵᠦ ᠪᠣᠯᠪᠠᠰᠤᠨ ᠠᠷᠪᠢᠴᠢ ᠭᠠᠮᠲᠠᠶ ᠣᠷᠣᠰᠢᠭᠤᠯᠭ᠎ᠠ ᠶᠢ ᠵᠠᠰᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24

   ᠣᠶᠢᠷ᠎ᠠ ᠳᠤ᠂ ᠮᠠᠨ ᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠷᠣᠰᠢᠭᠤᠯᠭ᠎ᠠ ᠶᠢᠨ

ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠬᠠᠷᠢᠶᠠᠲᠤ ᠣᠷᠣᠨ ᠤ ᠣᠯᠠᠨ ᠲᠦᠮᠡᠨ ᠢ

ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠣᠷᠣᠰᠢᠭᠤᠯᠭ᠎ᠠ ᠶᠢᠨ ᠪᠤᠯᠬᠢ ᠵᠠᠩᠰᠢᠯ ᠢ ᠠᠷᠢᠯᠭᠠᠵᠤ᠂ ᠬᠤᠲᠠ ᠶᠢᠨ

ᠣᠷᠴᠢᠨ ᠲᠣᠭᠤᠷᠢᠨ ᠢ ᠴᠡᠪᠡᠷᠰᠢᠭᠦᠯᠵᠦ᠂ ᠬᠤᠲᠠ ᠶᠢᠨ ᠲᠣᠭᠤᠷᠢᠭ ᠤᠨ ᠣᠷᠣᠰᠢᠭᠤᠯᠭ᠎ᠠ ᠶᠢ ᠵᠠᠰᠠᠬᠤ ᠠᠵᠢᠯᠯᠠᠭ᠎ᠠ ᠶᠢᠨ

ᠡᠮᠬᠢ ᠵᠢᠷᠤᠮ ᠢ ᠦᠨᠡᠨ ᠬᠦ ᠵᠢᠷᠤᠮᠵᠢᠭᠤᠯᠪᠠ᠃ ᠠᠷᠠᠳ ᠤᠨ ᠠᠭᠤᠳᠠᠮ ᠲᠠᠯᠠᠪᠠᠢ ᠳᠤ ︽ᠣᠷᠣᠰᠢᠭᠤᠯᠭ᠎ᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠩ ᠳᠠᠳᠬᠠᠯ ᠢ ᠥᠭᠡᠷᠡᠴᠢᠯᠡᠵᠦ ᠪᠣᠯᠪᠠᠰᠤᠨ ᠠᠷᠪᠢᠴᠢ ᠭᠠᠮᠲᠠᠶ

ᠣᠷᠣᠰᠢᠭᠤᠯᠭ᠎ᠠ ᠶᠢ ᠵᠠᠰᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

图片4.png

    ᠠᠵᠢᠯᠯᠠᠭ᠎ᠠ ᠶᠢᠨ ᠳᠤᠮᠳᠠ᠂ ᠲᠣᠰ ᠲᠣᠪᠴᠢᠶ᠎ᠠ ᠶᠢᠨ ᠠᠵᠢᠯᠲᠠᠳ ᠲᠤᠬᠠᠶ ᠶᠢᠨ ᠲᠠᠯᠠᠪᠤᠷ ᠲᠤ ᠤᠬᠠᠭᠤᠯᠤᠨ

ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ

ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠰᠢᠭᠤᠯᠭ᠎ᠠ ᠶᠢ ᠬᠥᠩᠭᠡᠪᠴᠢᠯᠡᠭᠰᠡᠨ ᠪᠣᠯᠪᠠᠰᠤᠨ ᠰᠢᠨ᠎ᠡ ᠰᠤᠷᠲᠠᠯ ᠢ ᠶᠡᠬᠡᠪᠡᠷ

ᠤᠬᠠᠭᠤᠯᠵᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠶᠢ ᠳᠡᠯᠭᠡᠷᠡᠭᠦᠯᠦᠨ᠂ ᠠᠴᠢᠯᠠᠨ

ᠠᠳᠠᠯᠢᠳᠬᠠᠬᠤ ᠥᠬᠡᠶ᠂ ᠶᠡᠬᠡᠪᠡᠷ ᠬᠢᠬᠦ ᠥᠬᠡᠶ᠂ ᠪᠣᠯᠪᠠᠰᠤᠨ ᠢᠶᠠᠷ ᠪᠡᠯᠪᠡᠰᠦᠷᠡᠯ ᠢ ᠵᠠᠰᠠᠬᠤ ᠣᠶᠢᠯᠠᠭᠠᠭᠳᠠᠬᠤᠨ ᠢ ᠪᠣᠶ

ᠪᠣᠯᠭᠠᠬᠤ ᠥᠬᠡᠶ᠃ ᠲᠤᠬᠠᠶ ᠶᠢᠨ ᠲᠠᠯᠠᠪᠠᠢ ᠳᠤ ᠣᠯᠠᠨ ᠲᠦᠮᠡᠨ ᠳᠤ ᠵᠠᠩ ᠳᠠᠳᠬᠠᠯ ᠢ ᠥᠭᠡᠷᠡᠴᠢᠯᠡᠬᠦ ᠰᠢᠨ᠎ᠡ ᠳᠦᠷᠢᠮ

ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠵᠤᠵᠠᠭᠠᠨ ᠲᠡᠵᠢᠭᠡᠵᠦ ᠪᠠᠭ᠎ᠠ ᠤᠷᠤᠰᠢᠭᠤᠯᠬᠤ ᠵᠡᠷᠭᠡ ᠬᠠᠮᠢᠶ᠎ᠠ ᠪᠦᠬᠦᠢ

ᠮᠡᠳᠡᠯᠭᠡ ᠶᠢ ᠬᠠᠮᠲᠤᠪᠠᠷ ᠰᠠᠨᠠᠭᠠᠴᠢᠯᠠᠵᠤ᠂ ᠥᠷᠭᠡᠨ ᠣᠯᠠᠨ ᠲᠦᠮᠡᠨ ᠳᠤ ᠣᠷᠣᠰᠢᠭᠤᠯᠭ᠎ᠠ ᠶᠢᠨ ᠲᠥᠷᠥ ᠶᠢᠨ

ᠪᠣᠳᠣᠯᠭ᠎ᠠ ᠶᠢ ᠣᠶᠢᠯᠠᠭᠠᠭᠤᠯᠤᠨ ᠡᠵᠡᠮᠰᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠢ

ᠣᠶᠤᠨᠴᠢ ᠪᠠᠷ ᠲᠠᠨᠢᠭᠤᠯᠪᠠ᠃ ᠤᠯᠠᠨ ᠲᠦᠮᠡᠨ ᠢ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂

ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠣᠷᠣᠰᠢᠭᠤᠯᠭ᠎ᠠ ᠶᠢ ᠬᠥᠩᠭᠡᠪᠴᠢᠯᠡᠵᠤ

ᠬᠥᠩᠭᠡᠪᠴᠢᠯᠡᠵᠦ ᠣᠷᠣᠰᠢᠭᠤᠯᠬᠤ ᠶᠢ ᠪᠣᠯᠪᠠᠰᠤᠨ ᠢᠶᠠᠷ ᠵᠠᠰᠠᠬᠤ ᠣᠶᠢᠯᠠᠭᠠᠭᠳᠠᠬᠤᠨ ᠢ ᠰᠠᠨᠠᠭᠠᠴᠢᠯᠠᠬᠤ ᠶᠢ ᠤᠷᠢᠶᠠᠯᠠᠪᠠ᠃

    ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠲᠦᠮᠡᠨ ᠢᠶᠠᠷ

ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠶᠠᠰᠤ

ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠲᠦᠮᠡᠨ ᠳᠤ ᠨᠡᠩ

ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠣᠷᠣᠰᠢᠭᠤᠯᠭ᠎ᠠ ᠶᠢᠨ ᠦᠢᠯᠡᠴᠢᠯᠡᠭᠡ ᠬᠠᠩᠭᠠᠨ᠎ᠠ᠃

ᠡᠭᠦᠨ ᠤ ᠬᠠᠮᠲᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ

ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ᠂ ᠪᠣᠬᠢᠷᠲᠤᠯ ᠥᠬᠡᠶ᠂ ᠣᠷᠴᠢᠨ

ᠠᠬᠤᠶ ᠶᠢ ᠬᠠᠮᠠᠭᠠᠯᠠᠬᠤ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠪᠣᠶ ᠪᠣᠯᠭᠠᠨ᠎ᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2