ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 24 ᠤ ᠡᠳᠦᠷ᠂ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠤᠤ ᠴᠦᠨ ᠬᠠᠢ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠦᠨ ᠬᠠᠯᠠᠮᠵᠢᠯᠠᠯ ᠢ ᠳᠠᠭᠠᠭᠤᠯᠵᠤ᠂ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷ᠂ ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ᠂ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠵᠢᠴᠢ | ᠶᠤᠸᠠᠨ ᠲᠦᠩ ᠢᠯᠴᠢ ᠶᠢᠨ ᠬᠦᠴᠦᠨ ᠤ ᠺᠣᠮᠫᠠᠨᠢ᠂ ᠯᠸᠢ ᠳ᠋ᠠ ᠱᠠᠨ ᠰᠢᠶᠠᠨ ᠳᠤ ᠰᠠᠭᠤᠭ᠎ᠠ ᠴᠡᠷᠢᠭ ᠠᠩᠭᠢ ᠶᠢ | ᠲᠣᠬᠤᠨᠢᠭᠤᠯᠵᠤ᠂ ᠤᠯᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠪᠡ᠃ | | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠠᠩ ᠸᠠᠨ ᠲᠠᠩ ᠤᠨ ᠬᠡᠷ ᠲᠤ ᠳ᠋ᠢᠶᠣᠤ ᠴᠦᠨ ᠬᠠᠶ | ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠪᠠ ᠡᠷᠡᠭᠦᠯ ᠮᠡᠨᠳᠦ ᠶᠢᠨ ᠪᠠᠶᠢᠳᠠᠯ ᠢ ᠨᠠᠷᠢᠨ | ᠠᠰᠠᠭᠤᠵᠤ᠂ ᠲᠡᠳᠡᠨ ᠤ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠳᠤ ᠲᠠᠯᠠᠷᠬᠠᠬᠤ ᠶᠢᠨ ᠬᠠᠮᠲᠤ ᠥᠩᠭᠡᠷᠡᠭᠰᠡᠨ ᠨᠢᠭᠡ ᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ | ᠲᠠᠨᠢᠯᠴᠠᠭᠤᠯᠵᠤ᠂ ᠠᠬᠠᠮᠠᠳ ᠺᠠᠳ᠋ᠷᠴᠤᠳ ᠤᠨ ᠲᠤᠷᠰᠢᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ᠮᠠᠨ ᠤ ᠰᠢᠶᠠᠨ ᠤ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠰᠡᠳᠬᠢᠮᠵᠢ ᠰᠦᠪᠡᠭᠴᠢᠯᠡᠬᠦ ᠶᠢ | ᠬᠦᠰᠡᠵᠦ ᠪᠠᠶᠢᠨ᠎ᠠ ᠭᠡᠵᠡᠶ᠃ | ᠳ᠋ᠢᠶᠣᠤ ᠴᠦᠨ ᠬᠠᠢ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ᠃ ᠡᠨᠡᠬᠦ 84 ᠨᠠᠰᠤᠲᠠᠶ | ᠴᠡᠷᠢᠭ ᠠᠴᠠ ᠬᠠᠯᠠᠭᠳᠠᠭᠰᠠᠳ ᠬᠡᠳᠦ᠋ᠢᠪᠡᠷ ᠨᠠᠰᠤ ᠠᠬᠠᠰᠢᠷᠠᠭᠰᠠᠨ ᠪᠣᠯᠪᠠᠴᠤ ᠴᠤᠭ ᠵᠢᠪᠬᠤᠭ᠎ᠠ ᠲᠡᠭᠦᠯᠳᠡᠷ ᠪᠠᠶᠢᠵᠤ | ᠵᠢᠷᠤᠭ ᠲᠤ ᠬᠠᠶᠢᠷᠠᠲᠠᠶ ᠪᠠᠶᠢᠯ᠎ᠠ᠃ ᠳ᠋ᠢᠶᠣᠤ ᠴᠦᠨ ᠬᠠᠢ ᠲᠡᠭᠦᠨ ᠤ ᠪᠠᠶᠠᠰᠤᠩᠭᠤᠢ ᠵᠣᠷᠢᠭ ᠰᠠᠨᠠᠭ᠎ᠠ ᠪᠣᠯᠤᠨ | ᠢᠳᠡᠪᠬᠢᠲᠡᠢ ᠥᠭᠡᠳᠡᠷᠬᠡᠭ ᠠᠮᠢᠳᠤᠷᠠᠯ ᠤᠨ ᠣᠪᠣᠷ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠲᠡᠭᠦᠨ ᠢ ᠣᠨᠴᠠ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠥᠲᠡᠯᠦᠭᠡ ᠨᠠᠰᠤᠨ ᠤ ᠠᠮᠢᠳᠤᠷᠠᠯ ᠢᠶᠠᠨ | ᠪᠠᠶᠠᠯᠢᠭᠵᠢᠭᠤᠯᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠳ᠋ᠢᠶᠣᠤ ᠴᠦᠨ ᠬᠠᠢ ᠪᠠᠰᠠ ᠲᠡᠭᠦᠨ ᠤ ᠠᠮᠢᠳᠤᠷᠠᠯ ᠤᠨ | ᠬᠦᠴᠢᠷᠳᠡᠯ ᠪᠣᠯᠣᠨ ᠬᠡᠷᠡᠭᠴᠡᠭᠡ ᠶᠢ ᠨᠠᠷᠢᠨ ᠣᠶᠢᠯᠠᠭᠠᠬᠤ ᠶᠢᠨ ᠬᠠᠮᠲᠤ ᠠᠯᠢ ᠴᠢᠳᠠᠬᠤ ᠪᠠᠷ ᠲᠡᠭᠦᠨ ᠢ ᠬᠠᠪᠰᠤᠷᠤᠨ | ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ ᠭᠡᠵᠦ ᠢᠯᠡᠳᠬᠡᠪᠡ᠃ | ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠤ ᠭᠡᠷ ᠲᠤ᠂ ᠳ᠋ᠢᠶᠣᠣ ᠴᠦᠨ ᠬᠠᠢ ᠲᠡᠳᠡᠨ ᠤ ᠪᠡᠶ᠎ᠡ ᠶᠢᠨ | ᠪᠠᠶᠢᠳᠠᠯ ᠪᠣᠯᠣᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠬᠠᠯᠠᠮᠵᠢᠯᠠᠨ | ᠠᠰᠠᠭᠤᠭᠰᠠᠨ ᠪᠥᠭᠡᠳ ᠲᠡᠳᠡᠨ ᠢ ᠪᠠᠶᠠᠰᠤᠩᠭᠤᠢ ᠥᠭᠡᠳᠡᠷᠬᠡᠭ ᠰᠡᠳᠬᠢᠴᠡ ᠲᠠᠢ ᠪᠠᠶᠢᠵᠤ᠂ ᠬᠦᠴᠢᠷ ᠪᠡᠷᠬᠡᠰᠢᠶᠡᠯ ᠢ | ᠢᠯᠠᠨ ᠳᠠᠪᠠᠭ᠋ᠤ ᠰᠥᠰᠥ ᠵᠣᠷᠢᠭ ᠪᠣᠯᠣᠨ ᠡᠷᠴᠢ ᠵᠣᠷᠢᠭ ᠢᠶᠠᠨ ᠪᠠᠲᠤᠳᠬᠠᠵᠤ᠂ ᠠᠮᠢᠳᠤᠷᠠᠯ ᠢᠶᠠᠨ ᠤᠯᠠᠮ ᠠᠴᠠ ᠤᠯᠠᠮ | ᠰᠠᠶᠢᠵᠢᠷᠠᠭᠤᠯᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠲᠡᠷᠡ ᠪᠠᠰᠠ ᠳᠠᠭᠠᠵᠤ ᠶᠠᠪᠤᠭ᠎ᠠ ᠪᠠᠯᠭᠠᠰᠤ ᠲᠣᠰᠬᠤᠨ ᠤ | ᠠᠵᠢᠯᠲᠠᠳ ᠲᠤ ᠵᠠᠪᠠᠯ ᠠᠬᠠᠮᠠᠳ ᠨᠠᠮ ᠤᠨ ᠭᠡᠰᠢᠭᠦᠳ ᠤᠨ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ | ᠲᠡᠳᠡᠨ ᠤ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ | ᠶᠤᠸᠠᠨ ᠲᠦᠩ ᠢᠯᠴᠢ ᠶᠢᠨ ᠬᠦᠴᠦᠨ ᠤ ᠺᠣᠮᠫᠠᠨᠢ ᠳᠤ᠂ ᠳ᠋ᠢᠶᠤᠤ ᠴᠦᠨ ᠬᠠᠢ ᠴᠠᠭᠠᠨ ᠰᠠᠷ᠎ᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠠᠵᠢᠯᠲᠠᠳ ᠢ | ᠲᠣᠬᠤᠨᠢᠭᠤᠯᠬᠤ ᠶᠢᠨ ᠬᠠᠮᠲᠤ ᠢᠯᠴᠢ ᠬᠠᠩᠭᠠᠬᠤ ᠠᠵᠢᠯᠯᠠᠭ᠎ᠠ ᠪᠣᠯᠤᠨ ᠴᠠᠭᠠᠨ ᠰᠠᠷ᠎ᠠ ᠶᠢᠨ ᠢᠯᠴᠢ ᠬᠠᠩᠭᠠᠬᠤ | ᠪᠠᠲᠤᠯᠠᠭ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠤᠯᠠᠭᠠᠯᠠᠭ᠎ᠠ ᠬᠠᠩᠭᠠᠬᠤ ᠠᠵᠢᠯ ᠲᠦᠭ | ᠲᠦᠮᠡᠨ ᠠᠶᠢᠯ ᠡᠷᠦᠬᠡ ᠳᠤ ᠬᠤᠯᠪᠣᠭᠳᠠᠵᠤ᠂ ᠢᠯᠴᠢ ᠶᠢᠨ ᠬᠦᠴᠦᠨ ᠤ ᠺᠣᠮᠫᠠᠨᠢ ᠬᠠᠮᠢᠶᠠᠷᠤᠯᠲᠠ ᠪᠣᠯᠤᠨ | ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠳᠤᠯᠠᠭᠠᠯᠠᠭ᠎ᠠ | ᠬᠠᠩᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠳᠤᠯᠠᠭᠠᠨ ᠪᠦᠯᠢᠶᠡᠨ ᠥᠯᠵᠡᠢ | ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠷᠠᠳᠠᠷᠱᠠᠨ ᠰᠢᠶᠠᠨ ᠳᠤ ᠰᠠᠭᠤᠭ᠎ᠠ ᠴᠡᠷᠢᠭ ᠠᠩᠭᠢ ᠳᠤ᠂ ᠳ᠋ᠢᠶᠤᠤ ᠴᠦᠨ ᠬᠠᠶ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠲᠤ ᠪᠠᠶᠠᠷ ᠤᠨ ᠡᠳᠦᠷ ᠤᠨ ᠵᠥᠩᠨᠡᠯ ᠪᠣᠯᠤᠨ ᠳᠣᠲᠣᠨᠣ ᠮᠡᠨᠳᠦᠴᠢᠯᠡᠯ ᠬᠦᠷᠭᠡᠬᠦ ᠶᠢᠨ ᠬᠠᠮᠲᠤ | ᠲᠡᠳᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ | ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ | ᠳᠡᠮᠵᠢᠵᠦ᠂ ᠴᠡᠷᠢᠭ ᠠᠩᠭᠢ ᠶᠢᠨ ᠬᠦᠴᠢᠷ ᠵᠣᠪᠠᠭᠤᠷᠢ ᠶᠢ ᠢᠳᠡᠪᠬᠢᠲᠡᠶ ᠪᠠᠷ ᠰᠢᠶ᠋ᠳᠪᠦᠷᠢᠯᠡᠨ ᠥᠭᠴᠦ᠂ ᠴᠡᠷᠢᠭ ᠠᠩᠭᠢ | ᠣᠷᠣᠨ ᠨᠤᠲᠤᠭ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ | ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |