1 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 6 | ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ | ᠲᠣᠭᠤᠷᠢᠨ ᠪᠠᠶᠢᠴᠠᠭᠠᠵᠤ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠲᠠᠢ ᠬᠠᠮᠲᠤ ᠪᠠᠷ ᠴᠠᠭᠠᠨ | ᠰᠠᠷ᠎ᠠ ᠶᠢ ᠤᠭᠲᠤᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ︾ ᠵᠢᠴᠢ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ | ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠣᠭᠲᠠᠭᠠᠯ︾ | ᠤᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠵᠢᠴᠢ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠨᠠᠮ ︵ᠠᠵᠢᠯᠴᠢᠨ︶ ᠤᠨ ᠬᠤᠷᠢᠶ᠎ᠠ ᠶᠢᠨ ᠱᠦᠵᠢ ᠶᠢᠨ 2024 ᠣᠨ ᠤ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢ ᠠᠳᠬᠤᠬᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶ᠎ᠠ ᠵᠢᠴᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠠᠷᠭ᠎ᠠ︾ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ︿ᠡᠷᠬᠢᠨ ᠬᠠᠷᠠᠬᠤ﹀ ᠬᠤᠸᠠᠳᠧ | ᠰᠢᠶᠠᠨ ᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ ᠶᠢᠨ | ᠮᠡᠳᠡᠭᠦᠯᠦᠯᠲᠡ︾ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠠᠯᠠᠭᠤ ᠺᠠᠳ᠋ᠷ ᠢ ᠰᠣᠩᠭᠤᠨ | ᠲᠣᠮᠢᠯᠠᠵᠤ ᠲᠤᠰᠢᠶᠠᠯ ᠡᠭᠦᠷᠭᠡᠯᠡᠭᠦᠯᠦᠭᠰᠡᠨ ᠪᠠᠶᠢᠳᠠᠯ ᠤᠨ ᠲᠣᠳᠣᠷᠬᠠᠶᠢᠯᠠᠯᠲᠠ ᠶᠢ ᠰᠣᠨᠣᠰᠴᠤ᠂ ᠺᠠᠳ᠋ᠷ ᠠᠵᠢᠯᠲᠠᠨ ᠤ | ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠶᠠᠪᠤᠳᠠᠯ ᠢ | ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠤᠬᠢᠷᠠᠭᠤᠯᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠷᠡᠰ ᠰᠢᠭᠤᠷᠬᠠᠢ ᠪᠠᠷ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠠᠷ ᠲᠠᠭᠠᠨ ᠠᠳᠬᠤᠵᠤ᠂ | ᠪᠣᠳᠠᠲᠠᠢ ᠶᠢ ᠡᠷᠬᠢᠮᠯᠡᠭᠰᠡᠨ ᠠᠵᠢᠯ ᠤᠨ ᠠᠷᠭ᠎ᠠ ᠬᠡᠮᠵᠢᠶ᠎ᠡ ᠪᠣᠯᠤᠨ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠠᠵᠢᠯ ᠤᠨ | ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ | ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠩᠭᠠᠳᠬᠠᠵᠤ᠂ ᠡᠯ᠎ᠡ | ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠨᠢᠭᠡᠳ | ᠨᠢᠭᠡ ᠪᠠᠷ ᠴᠡᠭᠴᠡᠯᠡᠨ ᠰᠠᠶᠢᠵᠢᠷᠠᠭᠤᠯᠬᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠪᠣᠯᠤᠨ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠬᠦᠷᠢᠶ᠎ᠡ ᠶᠢ ᠴᠢᠩᠭ᠎ᠠ ᠠᠩᠬᠠᠷᠴᠤ᠂ ᠵᠢᠯ ᠤᠨ ᠡᠮᠦᠨᠡᠬᠢ ᠡᠯ᠎ᠡ | ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ | ᠠᠵᠢᠯ ᠢ ᠪᠣᠳᠠᠲᠠᠢ ᠠᠳᠬᠤᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ︽ᠴᠠᠭ ᠢᠮᠠᠭᠲᠠ | ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ | ᠠᠳᠬᠤᠵᠤ᠂ ᠪᠦᠬᠦ ᠰᠢᠶᠠᠨ ᠤ ᠠᠷᠠᠳ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |