1 ᠰᠠᠷ᠎ᠠ ᠶᠢᠨ 25 ᠤ ᠡᠳᠦᠷ ᠭᠡᠨᠡᠳᠲᠡ ᠨᠢᠰᠬᠦ ᠴᠠᠰᠤ ᠣᠷᠣᠵᠤ᠂ ᠬᠠᠷᠢᠶᠠᠲᠤ ᠣᠷᠣᠨ ᠤ ᠰᠠᠭᠤᠭᠠᠯᠢ | ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠵᠠᠮ ᠢ ᠠᠯᠢ | ᠲᠦᠷᠭᠡᠨ ᠢᠶᠠᠷ ᠰᠠᠭᠠᠳ ᠥᠬᠡᠶ ᠨᠡᠪᠲᠡᠷᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠲᠥᠯᠥᠭᠡ᠂ | ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠰᠠᠯᠠᠭ᠎ᠠ ᠮᠥᠴᠢᠷ ᠴᠠᠰᠤ ᠪᠠᠷ ᠵᠠᠷᠯᠢᠭ ᠪᠣᠯᠭᠠᠵᠤ᠂ ᠲᠡᠷᠭᠡᠨ ᠲᠠᠶᠠᠭᠠᠷ ᠢᠶᠠᠨ ᠴᠠᠭ ᠲᠤᠬᠠᠶ ᠳᠤᠨᠢ ᠴᠡᠪᠡᠷᠯᠡᠬᠦ᠂ ᠴᠡᠪᠡᠷᠯᠡᠨ | ᠵᠥᠭᠡᠭᠡᠪᠦᠷᠢᠯᠡᠬᠦ ᠵᠠᠷᠴᠢᠮ ᠢ ᠪᠠᠷᠢᠮᠲᠠᠯᠠᠵᠤ᠂ ᠵᠠᠮ ᠤᠨ ᠴᠠᠰᠤ ᠮᠥᠰᠥ ᠶᠢ ᠠᠷᠢᠯᠭᠠᠬᠤ ᠠᠵᠢᠯ ᠢ ᠪᠥᠬᠦ ᠲᠠᠯ᠎ᠠ ᠪᠠᠷ | ᠥᠷᠨᠢᠭᠦᠯᠪᠡ᠃ | | ᠴᠠᠰᠤ ᠠᠷᠢᠯᠭᠠᠬᠤ ᠶᠠᠪᠤᠴᠠ ᠳᠤ᠂ ᠠᠵᠢᠯᠲᠠᠳ ᠬᠠᠬᠢᠷ ᠬᠦᠢᠳᠡᠨ ᠠᠴᠠ ᠠᠶᠤᠬᠤ ᠥᠬᠡᠶ᠂ ᠡᠷᠴᠢ ᠵᠣᠷᠢᠭ | ᠲᠡᠭᠦᠯᠳᠡᠷ ᠪᠠᠶᠢᠵᠤ᠂ ᠴᠠᠰᠤ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠭᠤᠤᠯ ᠪᠠ ᠳᠡᠳ᠋ ᠵᠠᠮ ᠤᠨ ᠬᠤᠷᠠᠭᠰᠠᠨ | ᠴᠠᠰᠤ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠠᠷᠢᠯᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ | ᠪᠠ ᠵᠠᠮ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠠᠭ ᠠᠭᠤᠷ ᠤᠨ | ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠮᠥᠰᠥ ᠴᠠᠰᠤ ᠪᠣᠯᠤᠨ ᠬᠦᠢᠲᠡᠨ ᠠᠭᠤᠷ ᠠᠮᠢᠰᠬᠤᠯ ᠢ | ᠰᠡᠷᠭᠡᠶᠢᠯᠡᠨ ᠠᠷᠭᠠᠴᠠᠬᠤ ᠠᠵᠢᠯ ᠢ ᠴᠠᠭ ᠢᠮᠠᠭᠲᠠ ᠴᠢᠩᠭ᠎ᠠ ᠠᠳᠬᠤᠵᠤ᠂ ᠡᠯ᠎ᠡ ᠵᠦᠢᠯ ᠤᠨ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |