ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ | ᠱᠦᠵᠢ ᠰᠢᠤᠸᠠᠢ ᠹᠧᠩ ᠴᠢᠩ ᠤᠷᠢᠳ ᠬᠤᠵᠢᠳ ᠵᠡᠪᠰᠡᠭᠲᠦ ᠬᠦᠴᠦᠨ ᠤ ᠬᠡᠯᠲᠡᠰ᠂ ᠢᠯᠴᠢ ᠶᠢᠨ ᠬᠦᠴᠦᠨ ᠤ | ᠺᠣᠮᠫᠠᠨᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠴᠠᠩᠱᠦ᠋ᠨ ᠪᠠᠯᠭᠠᠰᠤᠨ ᠳᠤ ᠬᠦᠷᠴᠦ᠂ ᠰᠠᠭᠤᠭ᠎ᠠ | ᠭᠠᠵᠠᠷ ᠤᠨ ᠳᠠᠷᠤᠭ᠎ᠠ ᠪᠠᠶᠢᠯᠳᠤᠭᠴᠢ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ᠂ ᠬᠡᠰᠡᠭ ᠬᠦᠴᠢᠷᠳᠡᠯᠲᠡᠶ | ᠠᠵᠢᠯᠲᠠᠨ ᠠᠵᠢᠯᠴᠢᠨ᠂ ᠣᠯᠠᠨ ᠲᠦᠮᠡᠨ᠂ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ | ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠰᠠᠶᠢᠨ ᠰᠠᠶᠢᠬᠠᠨ | ᠵᠥᠩᠨᠡᠯ ᠳᠡᠪᠰᠢᠭᠦᠯᠪᠡ᠃ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠰᠢᠤᠸᠠᠢ ᠹᠧᠩ ᠴᠢᠩ ᠪᠣᠯᠤᠨ ᠪᠦᠬᠦ ᠬᠥᠮᠦᠰ | ᠳᠣᠲᠣᠨᠣ ᠪᠠᠷ ᠶᠠᠷᠢᠯᠴᠠᠵᠤ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠤ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠡᠭᠦᠨ ᠤ ᠬᠠᠮᠲᠤ ᠰᠢᠨ᠎ᠡ ᠨᠢᠭᠡ ᠵᠢᠯ ᠳᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠤᠪᠢᠰᠬᠠᠯᠲᠤ ᠴᠡᠷᠢᠭ ᠤᠨ | ᠰᠢᠯᠢᠳᠡᠭ ᠤᠯᠠᠮᠵᠢᠯᠠᠯ ᠪᠠ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠱᠧᠨ ᠰᠢᠩ ᠢᠯᠴᠢ ᠶᠢᠨ ᠬᠦᠴᠦᠨ ᠤ ᠺᠣᠮᠫᠠᠨᠢ ᠳᠤ᠂ ᠰᠢᠤᠸᠠᠢ ᠹᠧᠩ ᠴᠢᠩ ᠨᠢᠭᠡᠳᠦᠭᠡᠷ ᠹᠷᠣᠨᠲ ᠤᠨ | ᠠᠵᠢᠯᠴᠢᠳ ᠢ ᠪᠣᠯᠭᠤᠭᠠᠨ ᠲᠣᠬᠤᠨᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠳᠤᠯᠠᠭᠠᠯᠠᠭ᠎ᠠ ᠶᠢᠨ ᠡᠬᠢ | ᠪᠠᠶᠠᠯᠢᠭ ᠤᠨ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ | ᠰᠢᠶᠠᠨ ᠤ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠬᠠᠷᠢᠭᠤᠴᠠᠯᠭ᠎ᠠ ᠪᠣᠯᠤᠨ ᠡᠭᠦᠷᠭᠡ ᠪᠠᠨ ᠦᠨᠡᠨᠬᠦ ᠡᠭᠦᠷᠭᠡᠯᠡᠵᠦ᠂ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠴᠢ ᠬᠠᠩᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ | ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠢᠶᠠᠨ ᠤ ᠰᠠᠭᠤᠭᠠᠯᠢ ᠠᠷᠠᠳ ᠤᠨ ᠳᠤᠯᠠᠭᠠᠨ ᠪᠦᠯᠢᠶᠡᠨ | ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠤ᠂ ᠰᠢᠤᠸᠠᠢ ᠹᠧᠩ ᠴᠢᠩ ᠪᠦᠬᠦ ᠵᠠᠮ ᠬᠠᠷᠢᠯᠴᠠᠭᠠᠨ ᠤ | ᠡᠮᠬᠢ ᠳᠢᠭᠯᠢᠮ ᠢ ᠬᠠᠮᠠᠭᠠᠯᠠᠵᠤ᠂ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ | ᠬᠠᠮᠠᠭᠠᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠨᠢᠭᠡᠳᠦᠭᠡᠷ ᠹᠷᠣᠨᠲ ᠤᠨ ᠵᠠᠮ ᠬᠠᠷᠢᠯᠴᠠᠭᠠᠨ ᠤ | ᠴᠠᠭᠳᠠᠭ᠎ᠠ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠮ ᠳᠡᠭᠡᠷᠡᠬᠢ ᠬᠠᠮᠢᠶᠠᠷᠤᠯᠲᠠ ᠡᠵᠡᠮᠳᠡᠯ ᠢ ᠤᠯᠠᠮ | ᠨᠢᠭᠡ ᠠᠯᠬᠤᠮ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ ᠰᠢᠶᠠᠨ ᠤ ᠵᠠᠮ ᠬᠠᠷᠢᠯᠴᠠᠭᠠᠨ ᠤ | ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠣᠷᠢᠭᠵᠢᠭᠤᠯᠪᠠ᠃ | ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠭᠦᠸᠧ ᠱᠦ ᠹᠠᠩ ᠤᠨ ᠭᠡᠷ ᠲᠤ᠂ ᠰᠢᠤᠸᠠᠢ ᠹᠧᠩ ᠴᠢᠩ | ᠲᠡᠭᠦᠨ ᠲᠠᠢ ᠵᠣᠭᠤᠭ ᠳᠡᠯᠭᠡᠵᠦ᠂ ᠠᠬᠠᠮᠠᠳ ᠨᠠᠮ ᠤᠨ ᠭᠡᠰᠢᠭᠦᠨ ᠤ ᠵᠠᠯᠠᠭᠤ ᠦᠶ᠎ᠡ ᠶᠢᠨ ᠪᠠᠭ᠎ᠠ ᠰᠠᠭ᠎ᠠ | ᠥᠩᠭᠡᠷᠡᠯᠲᠡ ᠪᠠᠨ ᠶᠠᠷᠢᠬᠤ ᠶᠢ ᠰᠣᠨᠣᠰᠴᠤ᠂ ᠲᠡᠭᠦᠨ ᠤ ᠤᠯᠠᠨ ᠵᠢᠯ ᠤᠨ ᠲᠤᠷᠰᠢ ᠨᠠᠮ ᠤᠨ ᠦᠢᠯᠡᠰ ᠪᠣᠯᠤᠨ ᠨᠤᠲᠤᠭ | ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠭᠦᠨ ᠤ | ᠪᠡᠶ᠎ᠡ ᠪᠠᠨ ᠬᠢᠴᠢᠶᠡᠵᠦ᠂ ᠠᠬᠠᠮᠠᠳ ᠨᠠᠮ ᠤᠨ ᠭᠡᠰᠢᠭᠦᠨ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠪᠣᠯᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠬᠦ ᠶᠢ | ᠬᠦᠰᠡᠪᠡ᠃ | ᠴᠡᠷᠢᠭ ᠠᠴᠠ ᠬᠠᠯᠠᠭᠳᠠᠭᠰᠠᠳ ᠫᠠᠩ ᠵᠠᠨ ᠷᠦᠩ ᠤᠨ ᠭᠡᠷ ᠲᠤ᠂ ᠰᠢᠤᠸᠠᠢ ᠹᠧᠩ ᠴᠢᠩ ᠠᠬᠠᠮᠠᠳ ᠴᠡᠷᠢᠭ ᠤᠨ | ᠡᠳᠦᠷ ᠳᠤᠳᠤᠮ ᠤᠨ ᠠᠮᠢᠳᠤᠷᠠᠯ ᠵᠢᠴᠢ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠨ ᠠᠰᠠᠭᠤᠨ | ᠯᠠᠪᠯᠠᠵᠤ᠂ ᠠᠬᠠᠮᠠᠳ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠲᠠᠶᠢᠨ ᠤ ᠨᠠᠰᠢ ᠴᠠᠰᠢ | ᠥᠩᠭᠡᠷᠡᠬᠦ ᠲᠤᠬᠠᠢ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠤ ᠨᠠᠮ ᠪᠣᠯᠤᠨ ᠤᠯᠤᠰ ᠲᠤ ᠦᠵᠡᠭᠦᠯᠦᠭᠰᠡᠨ | ᠬᠤᠪᠢ ᠨᠡᠮᠡᠷᠢ ᠳᠤ ᠲᠠᠯᠠᠷᠬᠠᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ | ᠴᠡᠷᠢᠭ ᠤᠨ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠨ ᠠᠩᠬᠠᠷᠴᠤ᠂ ᠴᠠᠭ ᠲᠤᠬᠠᠢ ᠳᠤᠨᠢ ᠲᠡᠳᠡᠨ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠬᠡᠷᠡᠭᠲᠡᠢ | ᠭᠡᠵᠦ ᠱᠠᠭᠠᠷᠳᠠᠪᠠ᠃ | ᠠᠷᠠᠳ ᠤᠨ ᠶᠠᠪᠤᠳᠠᠯ ᠤᠨ ᠡᠲᠡᠭᠡᠳ ᠸᠠᠩ ᠪᠦᠦ ᠭᠦᠸᠧ᠂ ᠬᠤᠲᠠ ᠪᠠᠯᠭᠠᠰᠤᠨ ᠤ ᠬᠦᠴᠢᠷᠳᠡᠯᠲᠡᠶ ᠡᠷᠦᠬᠡ ᠫᠠᠩ | ᠵᠢᠶ ᠰᠢᠶᠠᠨ᠂ ᠬᠦᠴᠢᠷᠳᠡᠯᠲᠡᠶ ᠠᠵᠢᠯᠲᠠᠨ ᠠᠵᠢᠯᠴᠢᠨ ᠯᠢᠦ ᠯᠢ ᠹᠠᠩ ᠤᠨ ᠬᠡᠷ ᠲᠤ᠂ ᠰᠢᠤᠸᠠᠢ ᠹᠧᠩ ᠴᠢᠩ ᠲᠡᠳᠡᠨ ᠤ | ᠬᠡᠷ ᠪᠦᠯᠢ ᠶᠢᠨ ᠣᠷᠣᠯᠭ᠎ᠠ ᠶᠢᠨ ᠢᠷᠡᠯᠲᠡ᠂ ᠬᠡᠤᠬᠡᠳ ᠤᠨ ᠠᠵᠢᠯ ᠰᠤᠷᠤᠯᠴᠠᠯᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠢ ᠢᠲᠡᠭᠡᠯ | ᠵᠣᠷᠢᠭ ᠢᠶᠠᠨ ᠬᠥᠪᠴᠢᠯᠡᠵᠦ᠂ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ | ᠬᠠᠪᠰᠤᠷᠤᠯᠭ᠎ᠠ ᠳᠣᠤᠷ᠎ᠠ᠂ ᠬᠠᠮᠲᠤ ᠪᠠᠷ ᠴᠢᠷᠮᠠᠶᠢᠵᠤ ᠪᠠᠶᠢᠭᠠᠳ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠬᠡᠷᠡᠭᠲᠡᠶ | ᠭᠡᠵᠦ ᠵᠣᠷᠢᠭᠵᠢᠭᠤᠯᠪᠠ᠃ | ᠲᠣᠬᠤᠨᠢᠭᠤᠯᠬᠤ ᠶᠠᠪᠤᠴᠠ ᠳᠤ᠂ ᠰᠢᠤᠸᠠᠢ ᠹᠧᠩ ᠴᠢᠩ ᠪᠠᠰᠠ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠬᠠᠯᠠᠮᠵᠢᠯᠠᠵᠤ᠂ ᠠᠷᠠᠳ ᠤᠨ | ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠠᠷᠠᠳ ᠤᠯᠠᠨ ᠤ ᠰᠡᠳᠬᠢᠯ ᠳᠤ ᠦᠨᠡᠨ ᠬᠦ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |