ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/26

   1 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠠᠷᠪᠠᠨ

ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ

ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠬᠤᠷᠠᠯ ᠳᠤ ᠣᠷᠣᠯᠴᠠᠵᠤ ᠶᠠᠷᠢᠶ᠎ᠠ

ᠲᠠᠯᠪᠢᠪᠠ᠃

1737978336962003443.png

    ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠤᠸᠠᠳᠧ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠲᠠᠪᠤᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1737978337194060445.jpg

    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠤᠤ ᠴᠦᠨ

ᠬᠠᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ

ᠶᠠᠨ ᠵᠢᠶᠦ᠋ᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠯᠢᠦ ᠵᠡᠷᠭᠡ ᠰᠢᠶᠠᠨ ᠤ ᠱᠠᠲᠤᠨ ᠤ

ᠤᠳᠤᠷᠢᠳᠤᠯᠭ᠎ᠠ ᠬᠤᠷᠠᠯ ᠳᠤ ᠣᠷᠣᠯᠴᠠᠪᠠ᠃

    1 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠠᠷᠪᠠᠨ

ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ

ᠬᠤᠷᠠᠯᠳᠤᠪᠠ᠃

    ᠰᠢᠤᠸᠠᠢ ᠹᠧᠩ ᠴᠢᠩ ᠬᠡᠯᠡᠭᠰᠡᠨ ᠨᠢ᠄ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠷᠪᠠ ᠭᠠᠷᠤᠢ ᠵᠢᠯ ᠤᠨ

ᠰᠢᠷᠭᠠᠭᠤ ᠴᠢᠷᠮᠠᠶᠢᠯᠭ᠎ᠠ︾ ᠶᠢᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠡᠵᠡᠮᠳᠡᠵᠦ᠂ ᠶᠡᠷᠦᠩᠬᠡᠢ ᠱᠦᠵᠢ

ᠰᠢ ᠶᠢᠨ ᠫᠢᠩ ᠤᠨ ︽ᠶᠡᠭᠡ ᠨᠠᠮ ᠳᠤ ᠣᠨᠴᠠᠭᠠᠢ ᠬᠦᠴᠢᠷ ᠠᠰᠠᠭᠤᠳᠠᠯ︾ ᠤᠨ ᠲᠤᠬᠠᠢ ᠴᠢᠬᠤᠯᠠ ᠶᠡᠭᠡ

ᠪᠠᠶᠢᠷᠢᠯᠠᠭᠤᠯᠤᠯᠲᠠ ᠶᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠨᠠᠭᠰᠢᠳᠠ

ᠴᠢᠩᠭᠠᠳᠬᠠᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ

ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢ ᠡᠷᠡᠰ

ᠲᠤᠤᠱᠯᠠᠭᠤᠯᠵᠤ᠂ ᠴᠠᠭ ᠢᠮᠠᠭᠲᠠ ᠰᠡᠷᠭᠡᠭ ᠡᠷᠡᠰ ᠪᠠᠲᠤ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ ᠴᠢᠨᠠᠭᠰᠢᠳᠠ

ᠪᠠᠲᠤ ᠡᠭᠦᠷᠭᠡᠯᠡᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠪᠠ

ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ

ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠳᠬᠢᠴᠡ ᠠᠷᠭ᠎ᠠ

ᠬᠡᠮᠵᠢᠶ᠎ᠡ ᠶᠢ ᠨᠡᠩ ᠰᠢᠨᠵᠢᠯᠡᠬᠦ ᠤᠬᠠᠭᠠᠨᠴᠢ᠂ ᠨᠡᠩ ᠨᠢᠭᠲᠠ ᠴᠢᠩᠭ᠎ᠠ᠂ ᠨᠡᠩ ᠪᠦᠲᠦᠮᠵᠢᠲᠡᠢ ᠲᠣᠭᠲᠠᠭᠠᠵᠤ᠂ ᠨᠡᠩ ᠤᠯᠠᠨ

ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠤᠯᠬᠤ ᠶᠢ ᠠᠬᠢᠭᠤᠯᠬᠤ

ᠬᠡᠷᠡᠭᠲᠡᠢ᠃

    ᠰᠢᠤᠸᠠᠢ ᠹᠧᠩ ᠴᠢᠩ ᠬᠡᠯᠡᠬᠦ ᠳᠡᠭᠡᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠬᠦ

ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠢ

ᠡᠵᠡᠮᠳᠡᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠨᠢᠭᠡᠨᠲᠡ ᠭᠦᠨᠵᠡᠭᠡᠢ ᠲᠠᠨᠢᠵᠤ᠂ ᠡᠭᠦᠷᠭᠡ ᠨᠡᠩ ᠪᠡᠷᠬᠡ ᠬᠠᠲᠠᠭᠤᠵᠢᠯᠲᠠᠢ

ᠪᠥᠭᠡᠳ ᠨᠦᠰᠡᠷ ᠬᠦᠨᠳᠦ ᠪᠣᠯᠤᠭᠰᠠᠨ ᠪᠣᠯᠬᠤᠷ ᠡᠷᠬᠡᠪᠰᠢ ᠪᠦᠬᠦ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠰᠢᠨ᠎ᠡ ᠪᠠᠶᠢᠳᠠᠯ ᠪᠠ ᠰᠢᠨ᠎ᠡ ᠣᠨᠴᠠᠯᠢᠭ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠡᠵᠡᠮᠳᠡᠵᠦ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ

ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠣᠯᠭᠠᠬᠤ᠂

ᠪᠠᠶᠢᠩᠭᠤᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ

ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠴᠢᠳᠠᠪᠤᠷᠢ

ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠣᠷᠢᠭᠲᠠᠢ ᠪᠠᠷ ᠲᠡᠮᠡᠴᠡᠬᠦ᠂ ᠵᠣᠷᠢᠭᠲᠠᠢ ᠪᠠᠷ

ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠠᠳᠬᠤᠵᠤ ᠵᠣᠷᠢᠭᠲᠠᠢ ᠬᠠᠮᠢᠶᠠᠷᠬᠤ ᠺᠠᠳ᠋ᠷ ᠤᠨ ᠡᠩᠨᠡᠭᠡ ᠶᠢ ᠬᠦᠴᠦᠯᠡᠨ

ᠪᠠᠶᠢᠭᠤᠯᠬᠤ ᠬᠡᠷᠡᠭᠲᠡᠢ᠃ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠲᠠᠯ

ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ

ᠬᠦᠴᠦᠯᠡᠨ ᠪᠤᠢ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠪᠠᠶᠢᠩᠭᠤᠵᠢᠭᠤᠯᠤᠨ ᠴᠢᠩᠳᠠᠯᠠᠵᠤ᠂ ᠲᠡᠮᠦᠷ

ᠮᠡᠲᠦ ᠰᠠᠬᠢᠯᠭ᠎ᠠ ᠪᠠᠲᠤ ᠶᠢ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ

ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠪᠦᠬᠦ ᠲᠠᠯ᠎ᠠ ᠪᠠᠷ

ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠨᠢᠭᠡ ᠮᠥᠴᠡ ᠴᠦ ᠵᠣᠭᠰᠣᠯ ᠦᠭᠡᠢ

ᠠᠬᠢᠭᠤᠯᠤᠨ᠎ᠠ᠃

    ᠰᠢᠤᠸᠠᠢ ᠹᠧᠩ ᠴᠢᠩ ᠬᠡᠯᠡᠬᠦ ᠳᠡᠭᠡᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ

ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ

ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠡᠷᠡ ᠶᠣᠰᠣᠭᠠᠷ ᠨᠢ

ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠰᠠᠬᠢᠬᠤ ᠪᠣᠭᠤᠮᠲᠠ ᠰᠢᠪᠲᠤᠯᠬᠤ

ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ

ᠪᠠᠶᠢᠴᠠᠭᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ

ᠬᠤᠪᠢᠰᠬᠠᠯ ᠬᠢᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ

ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠦᠷ᠎ᠡ ᠪᠦᠲᠦᠮᠵᠢ ᠶᠢ ᠲᠠᠰᠤᠷᠠᠯᠲᠠ ᠥᠬᠡᠶ

ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠥᠭᠵᠢᠯᠲᠡ ᠪᠥᠲᠥᠭᠡᠨ

ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠶ᠃

   ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠤᠯᠠᠨ ᠲᠦᠮᠡᠨ ᠤ ᠪᠦᠯᠬᠦᠮ ᠤᠨ

ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ

ᠨᠥᠬᠦᠳ︔ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠰᠢᠶᠠᠩ ᠪᠠᠯᠭᠠᠰᠤᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠱᠦᠵᠢ ᠪᠢᠰᠢ︔ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ

ᠪᠠᠶᠢᠭᠤᠯᠤᠮᠵᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ

ᠬᠠᠷᠢᠭᠤᠴᠠᠯᠭᠠᠲᠠᠨ ᠨᠥᠬᠦᠳ ᠵᠢᠴᠢ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ

ᠪᠠᠶᠢᠴᠠᠭᠠᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2