︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/1/26

     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ ᠰᠢ ᠶᠢᠨ ᠫᠢᠩ ᠤᠨ ᠠᠮᠢ

ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ

ᠭᠦᠨᠵᠡᠭᠡᠶᠢᠷᠡᠭᠦᠯᠬᠦ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ

︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ

︾ ︵ᠳᠣᠷᠣᠭᠰᠢ ︽ᠠᠰᠠᠭᠤᠯᠲᠠ ᠬᠠᠷᠢᠭᠤᠯᠲᠠ︾ ᠭᠡᠵᠦ ᠳᠥᠭᠦᠮᠴᠢᠯᠡᠨ᠎ᠡ︶ ᠭᠡᠬᠦ ᠨᠣᠮ ᠢ ᠵᠣᠬᠢᠶᠠᠨ ᠪᠠᠶᠢᠭᠤᠯᠤᠨ

ᠨᠠᠶᠢᠷᠠᠭᠤᠯᠤᠨ ᠪᠢᠴᠢᠵᠦ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ

ᠬᠡᠪᠯᠡᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃

    ︽ᠠᠰᠠᠭᠤᠯᠲᠠ ᠬᠠᠷᠢᠭᠤᠯᠲᠠ︾ ᠨᠢ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ

ᠦᠢᠯᠡᠳᠦᠯᠭᠡ ᠶᠢᠨ ᠬᠥᠭᠵᠢᠯᠲᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠣᠨᠣᠯ ᠤᠨ ᠬᠠᠯᠠᠮᠰᠢᠯ ᠠᠰᠠᠭᠤᠳᠠᠯ ᠬᠦᠴᠢᠷ

ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ

ᠬᠠᠷᠢᠭᠤᠯᠲᠠ ᠥᠭᠴᠦ᠂ ᠠᠰᠠᠭᠤᠯᠲᠠ ᠬᠠᠷᠢᠭᠤᠯᠲᠠ ᠶᠢᠨ ᠭᠡᠯᠪᠡᠷᠢ ᠪᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ

ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂

ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠢ ᠪᠥᠭᠡᠳ

ᠣᠶᠢᠯᠠᠭᠠᠮᠵᠢᠲᠠᠢ ᠢᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠤ ᠨᠠᠮ ᠤᠨ ᠰᠢᠨ᠎ᠡ

ᠡᠭᠦᠳᠦᠯᠲᠡ ᠶᠢᠨ ᠣᠨᠣᠯ ᠢ ᠨᠠᠩ ᠭᠦᠨᠵᠡᠭᠡᠢ ᠰᠤᠷᠤᠯᠴᠠᠨ ᠣᠶᠢᠯᠠᠭᠠᠵᠤ᠂ ᠨᠠᠩ ᠤᠬᠠᠮᠰᠠᠷ ᠠᠴᠠ ᠪᠠᠨ ᠲᠠᠷᠢᠬᠢ

ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠷ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠳᠤ ᠬᠠᠪᠰᠤᠷᠤᠮᠵᠢ ᠪᠣᠯᠪᠠ

᠃ ︽ᠠᠰᠠᠭᠤᠯᠲᠠ ᠬᠠᠷᠢᠭᠤᠯᠲᠠ︾ ᠨᠢ ᠨᠡᠶᠢᠳᠡ 10 ᠬᠡᠰᠡᠭ᠂ 50 ᠠᠰᠠᠭᠤᠯᠲᠠ ᠪᠠᠷ ᠪᠦᠷᠢᠯᠳᠦᠵᠦ᠂ ᠠᠭᠤᠯᠭ᠎ᠠ ᠪᠠᠶᠠᠯᠢᠭ

᠂ ᠭᠡᠯᠪᠡᠷᠢ ᠰᠢᠨ᠎ᠡ᠂ ᠭᠡᠷᠡᠯ ᠵᠢᠷᠤᠭ ᠦᠰᠦᠭ ᠪᠢᠴᠢᠭ ᠢ ᠬᠤᠣᠰᠯᠠᠭᠤᠯᠵᠤ᠂ ᠳᠦᠭᠦᠮ ᠣᠶᠢᠯᠠᠭᠠᠮᠵᠢᠲᠠᠢ ᠪᠠᠶᠢᠵᠤ᠂ ᠥᠷᠭᠡᠨ

ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠬᠠᠪᠰᠤᠷᠤᠮᠵᠢ ᠶᠢᠨ ᠤᠩᠰᠢᠬᠤ ᠪᠢᠴᠢᠭ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ 

ᠪᠡᠯᠡᠳᠭᠡᠭᠰᠡᠨ ᠨᠢ᠄ ᠭᠠᠩᠭ᠎ᠠ 

 

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2