ᠬᠤᠸᠠᠳᠧ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ 1 ᠳ᠋ᠤᠭᠡᠷ ᠤᠳᠠᠭ᠎ᠠ ᠶᠢᠨ ᠬᠤᠷᠠᠯ ᠵᠢᠴᠢ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/27

    1 ᠰᠠᠷ᠎ᠠ ᠶᠢᠨ 26 ᠤ ᠡᠳᠦᠷ᠂ ᠬᠤᠸᠠᠳᠧ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025

ᠣᠨ ᠤ ᠠᠩᠬᠠᠳᠤᠭᠠᠷ ᠬᠤᠷᠠᠯ ᠵᠢᠴᠢ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ

ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠵᠢᠱᠢᠭᠳᠡᠭᠴᠢ ᠦ᠋ ᡁᠢ ᠢᠦᠢ

ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

1737979068541015502.jpg

    ᠬᠤᠷᠠᠯ ᠳᠡᠭᠡᠷ᠎ᠡ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ 2024

ᠣᠨ ᠤ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ︽ᠵᠢᠯ ᠤᠨ

ᠡᠴᠦᠰ ᠵᠢᠯ ᠤᠨ ᠡᠬᠢᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ

ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠮᠡᠳᠡᠭᠳᠡᠯ︾ ᠢ ᠤᠯᠠᠮᠵᠢᠯᠠᠵᠤ᠂ ︽ᠬᠤᠸᠠᠳᠧ ᠰᠢᠶᠠᠨ ᠤ 2025 ᠣᠨ ᠤ

ᠶᠡᠷᠦᠩᠬᠡᠶᠢᠯᠡᠭᠰᠡᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠪᠠ ᠦᠢᠯᠡᠴᠢᠯᠡᠭᠡᠨ ᠤ

ᠪᠠᠲᠤᠯᠠᠭ᠎ᠠ ᠶᠢᠨ ᠠᠵᠢᠯ ᠤᠨ ᠲᠥᠰᠦᠯ︾ ᠢ ᠲᠠᠶᠢᠯᠪᠤᠷᠢᠯᠠᠪᠠ᠃

    ᠬᠤᠷᠠᠯ ᠠᠴᠠ᠂ ᠣᠳᠣᠬᠠᠨ ᠤ ᠪᠠᠶᠢᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ

ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ

ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠶᠡᠷᠦᠩᠬᠡᠢ ᠱᠦᠵᠢ ᠰᠢ ᠶᠢᠨ

ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂

ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂

ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠵᠤ᠂ ᠵᠢᠯ ᠤᠨ ᠰᠡᠭᠦᠯᠴᠢ

ᠵᠢᠯ ᠤᠨ ᠡᠬᠢᠨ ᠤ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ

ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠲᠤᠰ ᠠᠵᠢᠯ ᠲᠦᠷᠦᠯ᠂

ᠲᠤᠰ ᠰᠠᠯᠠᠭ᠎ᠠ ᠮᠥᠴᠢᠷ᠂ ᠲᠤᠰ ᠰᠢᠶᠠᠩ ᠪᠠᠯᠭᠠᠰᠤᠨ ᠤ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ

ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠮᠢᠶᠠᠷᠬᠤ ᠬᠥᠮᠦᠨ ᠲᠠᠢ᠂ ᠬᠠᠷᠢᠭᠤᠴᠠᠯᠭ᠎ᠠ ᠳᠤ ᠪᠠᠯᠠᠢ ᠭᠠᠵᠠᠷ ᠦᠭᠡᠢ

ᠪᠠᠶᠢᠬᠤ ᠶᠢ ᠪᠠᠲᠤᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ

ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠡᠷᠡᠰ ᠲᠣᠭᠲᠠᠭᠤᠨ ᠢᠶᠠᠷ ᠡᠵᠡᠮᠳᠡᠬᠦ ᠬᠡᠷᠡᠭᠲᠡᠢ᠃

   ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ

ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2