ᠨᠥᠬᠦᠳ ᠡ᠂ ᠨᠠᠶᠢᠵᠠ ᠨᠠᠷ ᠡ᠄ | ᠦᠯᠵᠡᠶᠢᠳᠤ ᠯᠤᠤ ᠵᠢᠯ ᠢᠶᠠᠨ ᠦᠳᠡᠵᠦ᠂ ᠠᠯᠳᠠᠨ ᠮᠤᠭᠠᠢ ᠪᠤᠶᠠᠨ ᠬᠦᠷᠭᠡᠪᠡ᠃ ᠡᠨᠡᠬᠦ ᠥᠩᠭᠡᠲᠦ ᠳ᠋ᠧᠩ | ᠭᠢᠯᠠᠯᠵᠠᠵᠤ᠂ ᠭᠡᠷ ᠬᠤᠲᠠᠯᠠᠭᠠᠷ ᠢᠶᠠᠨ ᠴᠤᠭᠯᠠᠷᠠᠬᠤ ᠰᠠᠶᠢᠨ ᠰᠠᠶᠢᠬᠠᠨ ᠴᠠᠭ ᠮᠥᠴᠡ ᠳᠤ᠂ ᠪᠢ ᠰᠢᠶᠠᠨ ᠤ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠡᠮᠦᠨ᠎ᠡ ᠠᠴᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠰᠢᠶᠠᠨ ᠳᠤ | ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠪᠠᠶᠢᠯᠳᠤᠭᠴᠢ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠵᠢᠴᠢ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ | ᠰᠠᠬᠢᠵᠤ ᠪᠠᠶᠢᠭ᠎ᠠ ᠨᠥᠬᠦᠳ᠂ ᠬᠤᠸᠠᠳᠧ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ | ᠡᠲᠡᠭᠡᠳ ᠤᠨ ᠨᠠᠶᠢᠵᠠ ᠪᠣᠯᠤᠨ ᠬᠤᠸᠠᠳᠧ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ | ᠬᠤᠳᠠᠯᠳᠤᠭᠠᠴᠢᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ︕ | 2024 ᠣᠨ ᠳᠤ᠂ ᠪᠢᠳᠡ ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ ᠪᠠᠷ ᠠᠵᠢᠯᠯᠠᠬᠤ ᠳᠤ | ᠬᠤᠶᠢᠷᠭᠤᠰᠢᠬᠤ ᠦᠭᠡᠢ ᠶᠤᠮ᠃ | ᠡᠨᠡ ᠨᠢᠭᠡ ᠵᠢᠯ ᠳᠤ᠂ ᠪᠢᠳᠡ ᠡᠷᠡᠯᠬᠡᠭᠯᠡᠨ ᠤᠷᠤᠭᠰᠢᠯᠠᠬᠤ ᠪᠠᠶᠢᠳᠠᠯ ᠨᠡᠩ ᠬᠦᠴᠦᠲᠡᠢ ᠪᠣᠯᠪᠠ᠃ ᠲᠦᠷᠦᠯ ᠵᠦᠢᠯ ᠢ | ᠰᠦᠪᠡᠭᠴᠢᠯᠡᠬᠦ᠂ ᠠᠵᠤ ᠦᠢᠯᠡᠰ ᠢ ᠠᠳᠬᠤᠬᠤ᠂ ᠪᠦᠲᠦᠴᠡ ᠶᠢ ᠲᠤᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ | ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ 55 ᠲᠦᠷᠦᠯ | ᠵᠦᠢᠯ ᠢ ᠰᠢᠨ᠎ᠡ ᠪᠠᠷ ᠭᠡᠷ᠎ᠡ ᠲᠣᠭᠲᠠᠨ᠂ ᠣᠷᠣᠨ ᠪᠦᠰᠡ ᠶᠢᠨ ᠰᠢᠶᠤᠤ ᠮᠧᠩ ᠳ᠋ᠠ 65 ᠲᠦᠮᠡᠨ ᠲᠣᠨ ᠸᠠᠨᠠᠳᠢ | ᠲᠢᠲ᠋ᠠᠨ ᠤ ᠰᠠᠭᠤᠷᠢ ᠮᠠᠲ᠋ᠧᠷᠢᠶᠠᠯ᠂ ᠭᠤᠷᠪᠠᠨ ᠬᠠᠪᠴᠢᠯ ᠤᠨ ᠠᠭᠠᠷ ᠢ ᠪᠠᠭᠠᠰᠬᠠᠬᠤ ᠵᠡᠷᠭᠡ 12 ᠴᠢᠬᠤᠯᠠ ᠶᠡᠭᠡ | ᠲᠦᠷᠦᠯ ᠵᠦᠢᠯ ᠢ ᠪᠦᠬᠦᠨ ᠢ ᠠᠵᠢᠯ ᠡᠬᠢᠯᠡᠭᠦᠯᠵᠦ᠂ ᠪᠦᠬᠦ ᠣᠷᠣᠨ ᠤ ᠠᠩᠬᠠᠳᠠᠭᠴᠢ 30 ᠲᠦᠮᠡᠨ ᠺᠢᠯᠣᠸᠠᠲ ᠤᠨ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ | ᠴᠤᠬᠴᠠᠵᠢᠭᠤᠯᠤᠬᠰᠠᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠣᠣᠷ ᠲᠤ ᠨᠡᠶᠢᠯᠡᠭᠦᠯᠵᠦ᠂ ᠰᠢᠨ᠎ᠡ ᠡᠨᠧᠷᠭᠢ ᠶᠢᠨ | ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 226.8 ᠲᠦᠮᠡᠨ ᠺᠢᠯᠣᠸᠠᠲ ᠬᠦᠷᠪᠡ᠃ ᠲᠡᠮᠦᠷ ᠤᠨ | ᠬᠠᠶᠢᠯᠤᠰᠢ ᠶᠢᠨ ᠭᠠᠷᠤᠯᠲᠠ 189 ᠲᠦᠮᠡᠨ ᠲᠣᠨ᠂ ᠦᠢᠯᠡᠳᠬᠦᠨ ᠤ ᠥᠷᠲᠡᠭ 102 ᠳ᠋ᠦᠩᠰᠢᠭᠤᠷ ᠲᠥᠭᠦᠷᠢᠭ᠃ | ᠬᠤᠪᠴᠠᠰᠤᠨ ᠤ ᠭᠠᠷᠤᠯᠲᠠ 1300 ᠲᠦᠮᠡᠨ ᠵᠦᠢᠯ᠂ ᠦᠢᠯᠡᠳ᠋ᠬᠦᠨ ᠤ ᠥᠷᠲᠡᠭ 10.4 ᠳ᠋ᠦᠩᠰᠢᠭᠤᠷ ᠲᠥᠭᠦᠷᠢᠭ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1.35 ᠳ᠋ᠦᠩᠰᠢᠭᠤᠷ ᠲᠥᠭᠦᠷᠢᠭ ᠢ ᠳᠠᠪᠠᠵᠠᠢ᠃ | ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ 64 ᠲᠦᠮᠡᠨ ᠮᠦ ᠠᠴᠠ ᠳᠡᠭᠡᠭᠰᠢ ᠪᠠᠶᠢᠯᠭᠠᠵᠤ᠂ ᠶᠡᠷᠦᠩᠬᠡᠢ | ᠤᠨᠠᠯᠲᠠ ᠶᠢ 1.28 ᠳ᠋ᠦᠩᠰᠢᠭᠤᠷ ᠵᠢᠩ ᠲᠣᠭᠲᠠᠪᠤᠷᠢᠵᠢᠭᠤᠯᠪᠠ᠃ 7 ᠵᠦᠢᠯ ᠤᠨ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠶᠢᠨ ᠳᠣᠲᠣᠷ᠎ᠠ᠂ 4 ᠵᠦᠢᠯ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ | ᠬᠢᠷᠢ ᠲᠦᠪᠰᠢᠨ ᠠᠴᠠ ᠥᠨᠳᠥᠷ ᠪᠣᠯᠵᠣ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠨᠢᠳᠤᠨᠤᠨ ᠤ ᠬᠢ ᠠᠴᠠ ᠬᠤᠶᠠᠷ ᠳᠠᠬᠢᠨ ᠨᠡᠮᠡᠭᠳᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢᠬᠢ ᠥᠭᠡᠳᠡᠯᠡᠨ ᠰᠠᠶᠢᠵᠢᠷᠠᠬᠤ ᠢᠳᠡᠪᠬᠢᠲᠡᠶ ᠪᠠᠶᠢᠳᠠᠯ ᠢ ᠪᠠᠲᠤᠯᠠᠪᠠ᠃ | | ᠡᠨᠡ ᠨᠢᠭᠡ ᠵᠢᠯ ᠳᠤ᠂ ᠮᠠᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠩ ᠢᠯᠡᠭᠦᠦ ᠮᠡᠳᠡᠷᠡᠭᠦᠯᠦᠨ᠎ᠡ᠃ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ 66% ᠠᠴᠠ | ᠳᠡᠭᠡᠭᠰᠢᠬᠢ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠳᠤ | ᠬᠡᠷᠡᠭᠯᠡᠵᠦ᠂ 1369 ᠬᠤᠲᠠ ᠬᠥᠳᠡᠭᠡ ᠶᠢᠨ ᠰᠠᠭᠤᠭᠠᠯᠢ ᠠᠷᠠᠳ ᠭᠡᠷ ᠤᠨ ᠡᠭᠦᠳᠡᠨ ᠳᠤ ᠪᠠᠨ ᠠᠵᠢᠯ ᠣᠯᠵᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 1.79 ᠲᠦᠮᠡᠨ | ᠲᠥᠭᠦᠷᠢᠭ ᠲᠤ ᠬᠦᠷᠪᠡ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ | ᠣᠷᠣᠭᠰᠠᠨ ᠨᠣᠷᠮ᠎ᠠ ᠳᠡᠭᠡᠷ᠎ᠡ ᠵᠢᠯ ᠤᠨ ᠬᠢ ᠠᠴᠠ 7 ᠵᠠᠭᠤᠨ ᠤ ᠨᠢᠭᠡᠴᠢ ᠳᠡᠭᠡᠭᠰᠢᠯᠡᠵᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠡᠶ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ ᠤᠨ ᠬᠥᠬᠡ | ᠲᠠᠰ ᠤᠨ ᠡᠮᠨᠡᠯᠭᠡ ᠶᠢᠨ ᠬᠤᠷᠢᠶ᠎ᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ | ᠳᠡᠭᠡᠭᠰᠢᠯᠡᠪᠡ᠃ | ᠡᠨᠡ ᠨᠢᠭᠡ ᠵᠢᠯ ᠳᠤ᠂ ᠮᠠᠨ ᠤ ᠤᠯᠤᠰ ᠲᠦᠷᠦ ᠶᠢᠨ ᠪᠠᠶᠢᠭᠤᠯᠤᠯᠲᠠ ᠨᠡᠩ ᠪᠠᠲᠤ ᠴᠢᠩᠭ᠎ᠠ ᠬᠦᠴᠦᠨ ᠲᠠᠢ ᠪᠣᠯᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠤᠱᠯᠠᠭᠤᠯᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠴᠢ ᠡᠨᠡᠷᠢᠯ ᠳᠤ ᠲᠠᠯᠠᠷᠬᠠᠨ | ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠬᠦ ᠠᠭᠤᠷ ᠠᠮᠢᠰᠬᠤᠯ ᠨᠡᠩ ᠭᠦᠨ ᠵᠤᠵᠠᠭᠠᠨ ᠪᠣᠯᠪᠠ᠃ | ᠵᠡᠭᠦᠳᠦ ᠬᠡᠳᠦᠢ ᠬᠤᠯᠠ ᠪᠣᠯᠪᠠᠴᠤ ᠬᠥᠭᠡᠭᠡᠴᠡᠯ ᠳᠦᠨ᠎ᠡ᠂ ᠬᠠᠲᠠᠭᠤ ᠪᠡᠷᠬᠡ ᠪᠣᠯᠪᠠᠴᠤ ᠪᠠᠷᠢᠪᠠᠯ ᠪᠡᠶᠡᠯᠡᠭᠳᠡᠬᠦ᠃ | ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ︽ᠬᠤᠶᠠᠷ ᠠᠵᠢᠯ︾ ᠢ ᠰᠠᠶᠢᠲᠤᠷ ᠬᠢᠵᠦ᠂ ︽ᠵᠢᠷᠭᠤᠭᠠᠨ ᠠᠵᠢᠯᠯᠠᠭ᠎ᠠ︾ ᠶᠢ | ᠰᠠᠶᠢᠲᠤᠷ ᠬᠡᠷᠡᠭᠵᠢᠭᠦᠯᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ | ᠤᠯᠠᠭᠠᠨᠴᠠᠪ ᠬᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠤᠸᠠᠳᠧ ᠶᠢᠨ ᠬᠦᠴᠦᠨ ᠴᠢᠳᠠᠯ ᠢᠶᠠᠨ | ᠡᠷᠭᠦᠪᠡ᠃ | ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠪᠦᠬᠦ ᠰᠢᠶᠠᠨ ᠤ ᠠᠷᠠᠳ ᠲᠦᠮᠡᠨ ᠤ ᠰᠢᠨ᠎ᠡ ᠵᠢᠯ ᠤᠨ ᠪᠠᠶᠠᠷ ᠬᠦᠷ ᠲᠠᠢ᠂ | ᠲᠦᠮᠡᠨ ᠶᠠᠪᠤᠳᠠᠯ ᠤᠷᠤᠭᠰᠢᠲᠠᠢ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |