ᠴᠠᠭᠠᠨ ᠰᠠᠷ᠎ᠠ ᠶᠢᠨ ᠦᠨᠳᠦᠰᠦᠨ ᠱᠠᠲᠤᠨ ᠳᠤ ᠬᠦᠷᠴᠦ ᠬᠤᠸᠠᠳᠧ ᠰᠢᠶᠠᠨ ᠳᠤ ᠬᠦᠷᠴᠦ ︽ᠴᠠᠭᠠᠨ ᠰᠠᠷ᠎ᠠ ᠶᠢ ᠤᠭᠲᠤᠬᠤ᠂ ᠰᠣᠶᠣᠯ ᠢ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/28

    1 ᠰᠠᠷ᠎ᠠ ᠶᠢᠨ 13 ᠤ ᠡᠳᠦᠷ᠂ ᠬᠤᠸᠠᠳᠧ ᠰᠢᠶᠠᠨ ︽ᠴᠠᠭᠠᠨ ᠰᠠᠷ᠎ᠠ ᠶᠢ ᠤᠭᠲᠤᠬᠤ᠂ ᠰᠣᠶᠣᠯ ᠬᠦᠷᠭᠡᠬᠦ᠂ ᠬᠠᠶᠢᠷ᠎ᠠ

ᠬᠠᠯᠠᠮᠵᠢ ᠬᠦᠷᠭᠡᠬᠦ᠂ ᠬᠤᠣᠰ ᠤᠶᠠᠩᠭ᠎ᠠ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠤᠪᠴᠠᠰᠤ ᠬᠤᠨᠠᠷ ᠤᠨ ᠬᠦᠷᠢᠶᠡᠯᠡᠩ

ᠲᠣᠭᠤᠷᠢᠭ ᠤᠨ ᠠᠵᠢᠯᠲᠠᠳ ᠲᠤ ᠤᠷᠢᠳᠴᠢᠯᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃

1736511675314061052.jpg

    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠨᠳᠡᠯᠡᠨ ᠪᠢᠴᠢᠭᠡᠰᠦ ᠶᠢ ᠥᠨᠳᠥᠷ ᠡᠯᠭᠦᠵᠦ᠂ ᠠᠭᠠᠷ ᠤᠨ ᠳᠤᠮᠳᠠ

ᠪᠡᠭᠡ ᠶᠢᠨ ᠦᠨᠦᠷ ᠬᠠᠩᠬᠤᠯᠤᠨ᠎ᠠ᠃ ᠤᠷᠠᠨ ᠪᠢᠴᠢᠯᠭᠡᠲᠡᠨ ᠨᠢᠭᠡ ᠲᠠᠩᠬᠢᠮ ᠳᠤ ᠴᠤᠭᠯᠠᠷᠠᠵᠤ᠂ ᠭᠠᠷ ᠲᠠᠭᠠᠨ ᠦᠰᠦᠨ

ᠪᠢᠷ ᠢᠶᠠᠨ ᠪᠠᠷᠢᠵᠤ᠂ ᠨᠢᠭᠡᠨ ᠤᠯᠠᠭᠠᠨ ᠴᠠᠭᠠᠰᠤᠨ ᠳᠡᠭᠡᠷ᠎ᠡ ᠪᠢᠷ ᠬᠤᠷᠦ᠋ᠢᠯᠠᠵᠤ᠂ ᠳᠤᠮᠳᠠᠳᠤ ᠶᠢᠨ ᠤᠷᠠᠨ ᠪᠢᠴᠢᠯᠭᠡ ᠶᠢᠨ

ᠥᠪᠡᠷᠮᠢᠴᠡ ᠷᠢᠳᠢ ᠰᠢᠳᠢ ᠶᠢ ᠢᠯᠡᠷᠡᠭᠦᠯᠵᠦ ᠪᠠᠶᠢᠨ᠎ᠠ᠃ ᠪᠢᠷ ᠤᠨ ᠦᠵᠦᠭᠦᠷ ᠤᠨ ᠡᠬᠢᠯᠡᠨ ᠪᠠᠭᠤᠬᠤ ᠶᠢ ᠳᠠᠭᠠᠯᠳᠤᠨ᠂ ᠨᠢᠭᠡ

ᠮᠥᠷ ᠤᠷᠤᠰᠤᠮ᠎ᠠ ᠰᠠᠢᠬᠠᠨ ᠦᠰᠦᠭ ᠤᠨ ᠲᠢᠭ ᠴᠠᠭᠠᠰᠤᠨ ᠳᠡᠭᠡᠷ᠎ᠡ᠂ ᠬᠤᠣᠰ ᠤᠶᠠᠩᠭ᠎ᠠ ᠨᠢᠭᠡᠪᠦᠷᠢ ᠨᠢ ᠱᠢᠨ᠎ᠡ ᠵᠢᠯ ᠤᠨ

ᠰᠠᠢᠨ ᠰᠠᠢᠬᠠᠨ ᠢᠷᠦᠭᠡᠯ ᠵᠥᠩᠨᠡᠯ ᠢ ᠠᠭᠤᠯᠵᠤ ᠪᠠᠢᠨ᠎ᠠ᠃

    ᠲᠣᠰ ᠤᠳᠠᠭᠠᠨ ᠤ ᠠᠵᠢᠯᠯᠠᠭ᠎ᠠ ᠨᠢ ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ ᠤ ᠣᠶᠤᠨ ᠰᠠᠨᠠᠭ᠎ᠠ

ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ

ᠬᠥᠭᠵᠢᠯᠲᠡ ᠶᠢ ᠨᠠᠩ ᠠᠬᠢᠭᠤᠯᠵᠤ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠴᠠᠭᠠᠨ ᠰᠠᠷ᠎ᠠ ᠶᠢᠨ ᠪᠠᠶᠠᠷ ᠲᠤ ᠭᠦᠨ

ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2