ᠬᠠᠷᠢᠶᠠᠲᠤ ᠣᠷᠣᠨ ᠤ ᠬᠤᠳᠠᠯᠳᠤᠭᠠᠨ ᠤ ᠬᠡᠲᠦ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠨᠢᠭᠡᠴᠡ ᠶᠢᠨ ᠭᠠᠯ ᠤᠨ ᠠᠶᠤᠯ ᠢ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠃ ᠲᠦᠷᠦᠭᠦᠬᠡᠨ᠂ ᠬᠤᠸᠠᠳᠧ ᠰᠢᠶᠠᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠰᠢᠶᠤᠤ ᠵᠧᠨ ᠢᠦᠶ ᠪᠦᠯᠬᠦᠮ ᠳᠠᠭᠠᠭᠤᠯᠤᠨ ᠬᠤᠳᠠᠯᠳᠤᠭ᠎ᠠ ᠬᠡᠲᠦ ᠳᠡᠯᠭᠡᠭᠦᠷ ᠤᠨ ᠵᠠᠬ᠎ᠠ | ᠳᠡᠯᠭᠡᠭᠦᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ᠃ | | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠾᠦᠢ ᠮᠢᠨ ᠶᠤᠸᠠᠨ ᠲᠣᠭᠤᠷᠢᠭ ᠤᠨ ᠴᠤᠭᠯᠠᠭ᠎ᠠ ᠮᠠᠶᠢᠮᠠᠶ᠂ ᠲᠠᠢ ᠳ᠋ᠧ | ᠯᠦᠩ ᠬᠡᠲᠦ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠬᠤᠳᠠᠯᠳᠤᠭᠠᠨ ᠤ ᠬᠡᠲᠦ ᠳᠡᠯᠭᠡᠭᠦᠷ ᠤᠨ ᠭᠠᠯ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠴᠠᠬᠢᠯᠭᠠᠨ ᠭᠠᠯ ᠰᠢᠲᠠᠮᠠᠬᠠᠶ ᠬᠡᠶ ᠶᠢᠨ | ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ︽ᠭᠤᠷᠪᠠ ᠶᠢ ᠨᠢᠭᠡᠳᠬᠡᠭᠰᠡᠨ︾ | ᠲᠣᠭᠲᠠᠭᠠᠯ ᠠᠴᠠ ᠵᠥᠷᠢᠴᠡᠨ ᠰᠠᠭᠤᠭ᠎ᠠ ᠬᠥᠮᠦᠨ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ | ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠪᠠᠶᠢᠴᠠᠭᠠᠬᠤ | ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ | ᠬᠤᠳᠠᠯᠳᠤᠭ᠎ᠠ ᠬᠡᠲᠦ ᠳᠡᠯᠭᠡᠭᠦᠷ ᠤᠨ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ | ᠬᠢᠬᠦ ᠲᠤᠬᠠᠶ ᠰᠢᠶᠤᠤ ᠵᠧᠨ ᠢᠦᠶ ᠴᠢᠬᠤᠯᠠᠴᠢᠯᠠᠪᠠ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |