ᠡᠪᠯᠡᠯ ᠤᠨ ᠰᠢᠶᠠᠨ ᠤ ᠨᠠᠮ ᠤᠨ ᠬᠤᠷᠢᠶ᠎ᠠ ︽ᠪᠢᠴᠢᠬᠠᠨ ᠠᠨᠠᠷ ᠤᠨ ᠦᠷ᠎ᠡ ᠨᠢᠭᠡ ᠭᠡᠷ ᠤᠨ ᠬᠥᠮᠦᠨ ᠮᠡᠲᠦ ᠳᠣᠲᠣᠨᠣ ︾ ᠭᠡᠬᠦ ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2025/1/28

    ᠥᠷᠭᠡᠨ ᠣᠯᠠᠨ ᠵᠠᠯᠠᠭᠤᠴᠤᠳ ᠪᠠᠭᠠᠴᠤᠳ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠡᠯ᠎ᠡ

ᠦᠨᠳᠦᠰᠦᠲᠡᠨ ᠤ ᠪᠠᠭᠰᠢ ᠰᠤᠷᠤᠭᠴᠢᠳ ᠤᠨ ᠬᠠᠷᠢᠯᠴᠠᠨ ᠳᠣᠲᠣᠨᠣᠴᠢᠯᠠᠬᠤ᠂ ᠰᠠᠬᠢᠨ ᠪᠠᠷᠠᠯᠠᠵᠤ ᠬᠠᠷᠢᠯᠴᠠᠨ

ᠬᠠᠪᠰᠤᠷᠤᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠰᠠᠶᠢᠨ ᠰᠠᠶᠢᠬᠠᠨ

ᠪᠠᠶᠢᠳᠠᠯ ᠢ ᠪᠠᠬᠢᠵᠢᠭᠦᠯᠬᠦ ᠶᠢᠨ ᠲᠥᠯᠥᠭᠡ ᠶᠤᠮ᠃ 1 ᠰᠠᠷ᠎ᠠ ᠶᠢᠨ 16 ᠤ ᠡᠳᠦᠷ᠂ ᠡᠪ ᠬᠠᠮᠲᠤ ᠵᠠᠯᠠᠭᠤᠴᠤᠳ ᠤᠨ

ᠡᠪᠯᠡᠯ ᠤᠨ ᠬᠤᠸᠠᠳᠧ ᠰᠢᠶᠠᠨ ᠤ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠬᠤᠸᠠᠳᠧ ᠰᠢᠶᠠᠨ ᠤ ᠠᠵᠢᠯ ᠤᠨ

ᠵᠥᠪᠯᠡᠯ ᠬᠠᠮᠲᠤᠷᠠᠨ ︽ᠪᠢᠴᠢᠬᠠᠨ ᠠᠨᠠᠷ ᠤᠨ ᠦᠷ᠎ᠡ ᠪᠠᠷ ᠨᠢᠭᠡ ᠬᠡᠷ ᠤᠨ ᠬᠥᠮᠦᠨ ᠮᠡᠲᠦ ᠪᠦᠯᠬᠦᠮᠳᠡᠬᠦ︾ ᠭᠤᠤᠯ ᠰᠡᠳᠦᠪᠲᠦ

ᠶᠠᠷᠢᠶᠠᠨ ᠤ ᠤᠷᠤᠯᠳᠤᠭᠠᠨ ᠤ ᠠᠵᠢᠯᠯᠠᠭ᠎ᠠ ᠡᠷᠭᠢᠯᠡᠪᠡ᠃

1737363073551072636.jpg

    ᠠᠵᠢᠯᠯᠠᠭ᠎ᠠ ᠶᠢᠨ ᠳᠤᠮᠳᠠ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠥᠷᠭᠡᠨ ᠤᠯᠠᠨ ᠵᠠᠯᠠᠭᠤᠴᠤᠳ ᠪᠠᠭᠠᠴᠤᠳ ᠢ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠤᠯᠤᠰ

ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠴᠢᠬᠤᠯᠠ ᠠᠴᠢ

ᠬᠤᠯᠪᠣᠭᠳᠠᠯ ᠢ ᠭᠦᠢᠴᠡᠳ ᠲᠠᠨᠢᠵᠤ᠂ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠬᠠᠶᠢᠷ᠎ᠠ

ᠰᠡᠳᠬᠢᠯᠭᠡ ᠶᠢ ᠵᠤᠵᠠᠭᠠᠳᠬᠠᠵᠤ᠂ ᠰᠣᠶᠣᠯ ᠤᠨ ᠢᠲᠡᠭᠡᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠶᠡᠭᠡ ᠵᠣᠷᠢᠭ ᠢ ᠪᠤᠢ ᠪᠣᠯᠭᠠᠵᠤ᠂ ᠶᠡᠭᠡ ᠮᠣᠷᠠᠯ ᠢ ᠮᠡᠳᠡᠵᠦ᠂ ᠶᠡᠭᠡ

ᠴᠢᠳᠠᠪᠤᠷᠢᠲᠠᠨ ᠪᠣᠯᠵᠤ᠂ ᠶᠡᠭᠡ ᠡᠭᠦᠷᠭᠡ ᠶᠢ ᠡᠭᠦᠷᠭᠡᠯᠡᠵᠦ᠂ ᠵᠠᠯᠠᠭᠤ ᠨᠠᠰᠤ ᠪᠠᠨ ᠡᠬᠡ ᠤᠯᠤᠰ ᠲᠤ ᠪᠠᠨ ᠠᠭᠤᠰᠬᠠᠵᠤ᠂ ᠪᠠᠭ᠎ᠠ

ᠨᠠᠮ᠎ᠠ ᠶᠢ ᠶᠡᠭᠡ ᠪᠡᠶ᠎ᠡ ᠳᠡᠭᠡᠨ ᠠᠭᠤᠰᠤᠯᠴᠠᠭᠤᠯᠵᠤ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠭᠠᠷᠠᠢ ᠭᠡᠵᠦ

ᠵᠣᠷᠢᠭᠵᠢᠭᠤᠯᠪᠠ᠃

    ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠠᠩᠬᠠᠨ ᠤ

ᠤᠷᠤᠯᠳᠤᠭᠠᠨ ᠢᠶᠠᠷ ᠳᠠᠮᠵᠢᠨ᠂ ᠨᠡᠶᠢᠲᠡ 35 ᠰᠤᠷᠤᠭᠴᠢ ᠤᠷᠤᠯᠳᠤᠭᠠᠨ ᠳᠤ ᠣᠷᠣᠯᠴᠠᠪᠠ᠃ ᠰᠢᠢᠳᠪᠦᠷᠢᠲᠦ

ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠰᠤᠷᠤᠭᠴᠢᠳ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ᠂ ᠦᠵᠡᠵᠦ

ᠰᠣᠨᠣᠰᠤᠭᠰᠠᠨ ᠵᠦᠢᠯ ᠲᠠᠢ ᠪᠠᠨ ᠤᠶᠠᠯᠳᠤᠭᠤᠯᠵᠤ᠂ ᠨᠥᠯᠥᠭᠡᠯᠡᠬᠦ ᠬᠦᠴᠦᠨ ᠲᠠᠢ ᠦᠭᠡ ᠬᠡᠯᠡ ᠪᠠᠷ ᠥᠪᠡᠷ ᠤᠨ

ᠦᠨᠳᠦᠰᠦᠲᠡᠨ ᠤ ᠪᠦᠯᠬᠦᠮᠳᠡᠯ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠯᠠᠭᠤ ᠨᠠᠰᠤ ᠪᠣᠯᠤᠨ ᠰᠣᠶᠣᠯ ᠢ ᠤᠯᠠᠮᠵᠢᠯᠠᠨ

ᠵᠠᠯᠭᠠᠮᠵᠢᠯᠠᠵᠤ ᠰᠢᠨ᠎ᠡ ᠶᠢ ᠡᠭᠦᠳᠦᠭᠰᠡᠨ ᠦᠯᠢᠭᠡᠷ ᠢᠶᠠᠨ ᠶᠠᠷᠢᠵᠤ᠂ ᠵᠠᠯᠠᠭᠤᠴᠤᠳ ᠪᠠᠭᠠᠴᠤᠳ ᠤᠨ ᠡᠷᠡᠯᠬᠡᠭᠯᠡᠨ ᠲᠡᠮᠡᠴᠡᠬᠦ᠂

ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠡᠭᠦᠷᠭᠡᠯᠡᠯ ᠢ ᠢᠯᠡᠷᠡᠭᠦᠯᠵᠦ᠂ ᠳᠤᠮᠳᠠᠳᠤ ᠶᠢᠨ

ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠲᠥᠯᠥᠭᠡ ᠬᠦᠴᠦᠯᠡᠨ

ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠪᠣᠯᠤᠨ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠬᠠᠮᠤᠭ ᠤᠨ

ᠴᠢᠩ ᠦᠨᠡᠨᠴᠢ ᠮᠠᠭᠲᠠᠭᠠᠯ ᠰᠠᠶᠢᠰᠢᠶᠠᠯ ᠢ ᠣᠯᠵᠠᠢ᠃ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠢᠩ ᠦᠨᠡᠨᠴᠢ

ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ᠂ ᠤᠯᠤᠰ ᠭᠦᠷᠦᠨ ᠤ ᠬᠠᠶᠢᠷ᠎ᠠ ᠰᠡᠳᠭᠢᠯᠭᠡ ᠶᠢᠨ ᠲᠤᠬᠠᠶ ᠰᠡᠳᠬᠢᠯ

ᠬᠥᠳᠡᠯᠭᠡᠮ᠎ᠡ ᠬᠠᠭᠤᠳᠠᠰᠤ ᠶᠢ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠬᠠᠯᠠᠭᠤᠨ

ᠠᠯᠠᠭ᠎ᠠ ᠲᠡᠰᠢᠯᠲᠡ ᠶᠢ ᠤᠯᠪᠠ᠃

    ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠦᠨᠳᠦᠰᠦᠲᠡᠨ ᠤ ᠪᠦᠯᠬᠦᠮᠳᠡᠯ ᠤᠨ

ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ ᠤᠨ ᠬᠡᠯᠪᠡᠷᠢ ᠪᠣᠯᠤᠨ

ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠨᠡᠩ ᠤᠯᠠᠨ

ᠰᠣᠯᠢᠯᠴᠠᠭ᠎ᠠ ᠦᠢᠯᠡᠳᠦᠯᠴᠡᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠵᠠᠯᠠᠭᠤᠴᠤᠳ ᠪᠠᠭᠠᠴᠤᠳ ᠤᠨ ᠠᠵᠢᠯ ᠤᠨ ᠪᠦᠬᠦ ᠶᠠᠪᠤᠴᠠ ᠳᠤ

ᠠᠭᠤᠰᠤᠯᠴᠠᠭᠤᠯᠵᠤ᠂ ᠤᠯᠤᠰ ᠲᠦᠷᠦ ᠡᠷᠡᠰ ᠪᠠᠲᠤ᠂ ᠬᠡᠪ ᠪᠣᠯᠪᠠᠰᠤᠷᠠᠯ ᠴᠢᠩᠭ᠎ᠠ᠂ ᠶᠣᠰᠣ ᠰᠤᠷᠲᠠᠬᠤᠨ ᠤᠶᠤᠨ ᠤᠬᠠᠭᠠᠨ

ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ

ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠦᠨ᠎ᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2