1 ᠰᠠᠷ᠎ᠠ ᠶᠢᠨ 8 ᠤ ᠡᠳᠦᠷ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠶᠡᠭᠡ ᠬᠤᠷᠠᠯ | ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠨ ᠵᠢᠶᠦ᠋ᠨ ᠤ ᠨᠠᠶᠢᠳᠠᠯᠭ᠎ᠠ ᠪᠠᠷ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠦ ᠱᠢ ᠮᠢᠩ ᠬᠤᠷᠠᠯ ᠢ ᠡᠷᠬᠢᠯᠡᠪᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠠᠨ ᠰᠢᠶᠠ᠂ ᠯᠢᠦ ᠱᠦ | ᠮᠧᠶ ᠣᠷᠣᠯᠴᠠᠪᠠ᠃ | | ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 32 ᠬᠥᠮᠦᠨ᠂ ᠪᠣᠳᠠᠲᠠᠢ ᠣᠷᠣᠯᠴᠠᠭᠰᠠᠨ | ᠥᠨᠥᠳᠦᠷ ᠤᠨ ᠬᠤᠷᠠᠯ ᠳᠤ ᠣᠷᠣᠯᠴᠠᠭᠰᠠᠨ ᠲᠥᠯᠥᠭᠡᠯᠡᠭᠴᠢ 26 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠨ᠎ᠡ᠃ | ᠬᠤᠷᠠᠯ ᠠᠴᠠ ᠴᠠᠩ ᠳ᠋ᠠ ᠸᠧᠢ᠂ ᠹᠦ᠋ ᠵᠢᠶᠦ᠋ᠨ ᠹᠧᠩ 2 ᠨᠥᠬᠦᠳ ᠤᠨ ᠤᠯᠠᠭᠠᠨᠴᠠᠪ ᠬᠤᠳᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ | ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠲᠣᠭᠲᠠᠭᠠᠯ᠂ ︽ᠤᠯᠠᠭᠠᠨᠴᠠᠪ ᠬᠤᠳᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ︵ | ᠲᠥᠰᠦᠯ︶︾᠂ ︽ᠤᠯᠠᠭᠠᠨᠴᠠᠪ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠲᠤᠬᠠᠢ ᠪᠢᠯᠧᠲ ᠬᠢᠨᠠᠭᠴᠢ ᠶᠢᠨ ᠨᠡᠷᠡᠰ ︵ᠲᠥᠰᠦᠯ︶︾ ᠢ | ᠪᠠᠲᠤᠯᠠᠵᠠᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ | ᠳ᠋ᠢᠶᠣᠣ ᠳ᠋ᠦᠩ᠂ ᠰᠢᠭᠦᠬᠦ ᠬᠤᠷᠢᠶᠠᠨ ᠤ ᠳᠠᠷᠤᠭ᠎ᠠ ᠼᠤᠤ ᠶᠢᠦ ᠳ᠋ᠦᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ | ᠶᠢᠨ ᠰᠢᠦᠢ ᠳ᠋ᠦᠩ ᠬᠤᠷᠠᠯ ᠳᠤ ᠰᠤᠯᠠ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |