1 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠳ᠋ᠢᠶᠣᠣ ᠴᠦᠨ ᠬᠠᠢ ᠬᠡᠰᠡᠭ ᠬᠡᠳᠦ ᠳᠡᠯᠭᠡᠭᠦᠷ ᠲᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠡᠳ᠋ ᠪᠣᠳᠠᠰ ᠤᠨ | ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠡ᠃ | ᠳ᠋ᠢᠶᠤᠤ ᠴᠦᠨ ᠬᠠᠶ ᠤᠷᠢᠳ ᠬᠤᠵᠢᠳ ᠳ᠋ᠦ᠋ ᠳ᠋ᠧ ᠯᠢ ᠬᠡᠲᠦ ᠳᠡᠯᠭᠡᠭᠦᠷ᠂ ᠲᠠᠢ ᠳ᠋ᠧ ᠯᠦᠩ ᠬᠡᠲᠦ ᠳᠡᠯᠭᠡᠭᠦᠷ᠂ | ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠵᠦ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠨᠢᠭᠡᠳᠦᠭᠡᠷ ᠹᠷᠣᠨᠲ ᠤᠨ | ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠲᠠᠸᠠᠷ ᠤᠨ ᠦᠨ᠎ᠡ | ᠬᠠᠩᠰᠢ ᠶᠢᠨ ᠬᠤᠪᠢᠷᠠᠯᠲᠠ ᠶᠢ ᠨᠠᠷᠢᠨ ᠣᠶᠢᠯᠠᠭᠠᠭᠰᠠᠨ ᠪᠥᠭᠡᠳ ᠡᠵᠡᠩᠨᠡᠯᠲᠡ ᠶᠢᠨ ᠲᠠᠯᠠᠪᠤᠷ ᠤᠨ ᠲᠠᠷᠬᠠᠭᠠᠬᠤ ᠵᠠᠮ᠂ ᠠᠮᠤᠷ | ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ᠂ | ᠭᠠᠯ ᠤᠨᠲᠠᠷᠠᠭᠠᠬᠤ ᠠᠮᠤᠷ ᠲᠦᠪᠰᠢᠨ ᠤ ᠲᠡᠮᠳᠡᠭ ᠪᠦᠷᠢᠨ ᠪᠦᠲᠦᠨ ᠪᠠᠶᠢᠬᠤ ᠡᠰᠡᠬᠦ ᠵᠡᠷᠭᠡ ᠲᠠᠯ᠎ᠠ ᠶᠢᠨ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠳ᠋ᠢᠶᠤᠤ ᠴᠦᠨ ᠬᠠᠶ ᠵᠢᠭᠠᠵᠤ ᠭᠠᠷᠭᠠᠭᠰᠠᠨ ᠨᠢ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠪᠠ | ᠬᠡᠷᠡᠭᠯᠡᠭᠡᠨ ᠤ ᠠᠮᠤᠷ ᠲᠦᠪᠰᠢᠨ ᠤ ᠠᠵᠢᠯ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ | ᠨᠢᠭᠲᠠ ᠬᠤᠯᠪᠣᠭ᠎ᠠ ᠲᠠᠢ ᠶᠤᠮ᠂ ᠬᠠᠮᠢᠶ᠎ᠠ ᠪᠥᠬᠦᠶ ᠨᠢᠭᠡᠴᠡ ᠨᠦᠭᠦᠳ ᠪᠠᠶᠠᠷ ᠤᠨ ᠡᠳᠦᠷ ᠤᠨ ᠬᠤᠭᠤᠴᠠᠭᠠᠨ ᠳᠠᠬᠢ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠡᠳ᠋ ᠪᠣᠳᠠᠰ ᠤᠨ ᠲᠣᠬᠢᠷᠠᠭᠤᠯᠤᠯᠲᠠ ᠪᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠲᠡᠷᠢᠭᠦᠨ | ᠪᠠᠶᠢᠷᠢᠨ ᠳᠤ ᠲᠠᠯᠪᠢᠵᠤ᠂ ᠪᠠᠷᠠᠭᠠᠨ ᠤ ᠢᠷᠡᠯᠲᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ | ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ᠂ ᠬᠠᠩᠭᠠᠯᠭ᠎ᠠ ᠴᠠᠭ ᠲᠤᠬᠠᠶ ᠳᠤᠨᠢ ᠪᠠᠶᠢᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ | | ᠳ᠋ᠢᠶᠤᠤ ᠴᠦᠨ ᠬᠠᠢ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠃ ᠠᠵᠤ | ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ ᠢ ᠢᠮᠠᠭᠲᠠ ᠪᠠᠲᠤ ᠴᠡᠭᠡᠵᠢᠯᠡᠵᠦ᠂ ᠠᠵᠢᠯᠲᠠᠨ ᠤ ᠭᠠᠯ | ᠤᠨᠲᠠᠷᠠᠭᠠᠬᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠠᠷᠠᠳ ᠣᠯᠠᠨ ᠤ ᠭᠠᠯ | ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ | ᠴᠢᠳᠠᠪᠤᠷᠢ ᠶᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠡᠯ᠎ᠡ | ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠠᠷᠢᠯᠭᠠᠬᠤ ᠶᠢ ᠴᠠᠭ ᠲᠤᠬᠠᠢ ᠳᠤᠨᠢ ᠵᠢᠯᠣᠭᠤᠳᠴᠤ᠂ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠥᠷᠭᠡᠨ ᠤᠯᠠᠨ ᠠᠷᠠᠳ ᠲᠦᠮᠡᠨ ᠤ ᠠᠮᠤᠷ | ᠠᠮᠤᠭᠤᠯᠠᠩ᠂ ᠪᠠᠶᠠᠷ ᠪᠠᠶᠠᠰᠬᠤᠯᠠᠩ ᠲᠠᠢ᠂ ᠡᠶ᠎ᠡ ᠨᠠᠶᠢᠷᠠᠮᠳᠠᠭᠤ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠶ᠂ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠯᠢ ᠬᠤᠩ ᠮᠢᠨ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |