ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/1/28

    ᠤᠭ ᠰᠠᠨᠠᠭ᠎ᠠ ᠪᠠᠨ ᠦᠯᠦ ᠮᠠᠷᠲᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠳᠠᠷᠪᠠᠭᠤᠯ ᠬᠡᠶᠢᠰᠬᠡᠨ ᠡᠷᠡᠮᠡᠬᠡᠶᠢᠯᠡᠨ

ᠤᠷᠤᠭᠰᠢᠯᠠᠵᠤ ᠪᠠᠢᠨ᠎ᠠ ᠃ 1 ᠰᠠᠷ᠎ᠠ ᠶᠢᠨ 22 ᠤᠨ ᠡᠳᠦᠷ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ᠃ ᠪᠦᠬᠦ

ᠰᠢᠶᠠᠨ ᠤ ᠡᠯ᠎ᠡ ᠹᠷᠣᠨᠲ᠂ ᠡᠯ᠎ᠡ ᠠᠵᠢᠯ ᠲᠦᠷᠦᠯ ᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ ᠪᠦᠬᠦ ᠰᠢᠶᠠᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠢᠭᠡ ᠲᠠᠩᠬᠢᠮ ᠳᠤ

ᠴᠤᠭᠯᠠᠷᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠵᠦ ᠪᠠᠶᠢᠨ᠎ᠠ᠃

1737518204366030049.jpg

    ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 169 ᠬᠥᠮᠦᠨ᠂ ᠪᠣᠳᠠᠲᠠᠶ ᠣᠷᠣᠯᠴᠠᠭᠰᠠᠨ

ᠲᠥᠯᠥᠭᠡᠯᠡᠭᠴᠢ 138 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃

    ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠰᠢᠤᠸᠠᠢ ᠹᠧᠩ ᠴᠢᠩ᠂ ᠶᠠᠨ ᠵᠢᠶᠦ᠋ᠨ᠂ ᠵᠤᠤ ᠵᠢᠶᠠᠨ ᠭᠦᠸᠧ᠂

ᠵᠧᠩ ᠵᠧᠦ ᠴᠢ᠂ ᠵᠠᠩ ᠶᠠᠨ ᠰᠢᠶᠠ᠂ ᠯᠢ ᠵᠢᠢ ᠴᠢᠶᠠᠩ᠂ ᠭᠦᠸᠧ ᠫᠧᠩ ᠶᠢᠩ᠂ ᠴᠠᠢ ᠬᠤᠩ ᠪᠥᠸᠧ᠂ ᠯᠢᠶᠠᠩ ᠯᠢ

ᠴᠢᠶᠦ᠋ᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃

    ᠲᠤᠰ ᠤᠳᠠᠭ᠎ᠠ ᠶᠢᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠬᠦᠨ ᠵᠢᠴᠢ

ᠲᠥᠯᠥᠭᠡᠯᠡᠭᠴᠢ ᠪᠤᠰᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂

ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠵᠢᠴᠢ ᠤᠤᠯ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠲᠡᠷᠢᠭᠦᠯᠡᠭᠴᠢ ᠶᠢᠨ

ᠲᠠᠶᠢᠰᠠᠨ ᠳᠤ ᠰᠠᠭᠠᠲᠠᠪᠠ᠃

    ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠶᠡᠭᠡ ᠬᠤᠷᠠᠯ ᠤᠨ ᠡᠷᠬᠢᠯᠡᠭᠴᠢ ᠶᠠᠨ ᠵᠢᠶᠦ᠋ᠨ ᠶᠡᠭᠡ ᠬᠤᠷᠠᠯ

ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ

    ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ

ᠵᠠᠰᠠᠭ ᠤᠨ ᠣᠷᠳᠣᠨ ᠤ ᠳᠠᠷᠤᠭ᠎ᠠ ᠳ᠋ᠢᠶᠣᠣ ᠴᠦᠨ ᠬᠠᠢ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠢ

ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ᠃

    ᠢᠯᠡᠳᠬᠡᠯ ᠢ ᠭᠤᠷᠪᠠᠨ ᠬᠡᠰᠡᠭ ᠲᠤ ᠬᠤᠪᠢᠶᠠᠪᠠ᠄ 2024 ᠣᠨ ᠤ ᠠᠵᠢᠯ ᠤᠨ ᠳ᠋ᠦᠩᠨᠡᠯᠲᠡ︔ 2025 ᠣᠨ ᠤ

ᠠᠵᠢᠯ ᠤᠨ ᠲᠣᠬᠢᠷᠠᠭᠤᠯᠤᠯᠲᠠ︔ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃

    ᠳ᠋ᠢᠶᠤᠤ ᠴᠦᠨ ᠬᠠᠶ ᠬᠡᠯᠡᠬᠦ ᠳᠡᠭᠡᠨ᠂ ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠮᠥᠨ᠂

ᠪᠠᠰᠠ ᠴᠤ ᠬᠤᠸᠠᠳᠧ ᠰᠢᠶᠠᠨ ᠤ ᠠᠵᠠ ᠲᠣᠬᠢᠶᠠᠯ ᠢ ᠠᠮᠵᠢᠨ᠂ ᠥᠷᠢᠰᠥᠯᠳᠦᠭᠡᠨ ᠢ ᠤᠭᠲᠤᠬᠤ ᠴᠢᠬᠤᠯᠠ ᠵᠢᠯ ᠮᠥᠨ᠃

ᠨᠢᠭᠡ ᠵᠢᠯ ᠤᠨ ᠲᠤᠷᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ

ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ

ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ

ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠤᠯᠠᠨ ᠵᠦᠢᠯ ᠤᠨ ᠭᠤᠣᠯ

ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠡᠷᠢᠭᠦᠨ ᠳᠤ ᠣᠷᠣᠭᠤᠯᠬᠤ ᠪᠠᠷ ᠴᠢᠷᠮᠠᠶᠢᠵᠤ᠂ ᠠᠵᠤ ᠠᠬᠤᠢ ᠶᠢᠨ

ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠤᠷᠤᠭᠰᠢᠯᠠᠬᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ︽

ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢᠬᠢ ᠥᠭᠡᠳᠡᠯᠡᠨ

ᠰᠠᠶᠢᠵᠢᠷᠠᠬᠤ ᠢᠳᠡᠪᠬᠢᠲᠡᠢ ᠪᠠᠶᠢᠳᠠᠯ ᠢ ᠪᠠᠲᠤᠯᠠᠪᠠ᠃

    ᠳ᠋ᠢᠶᠤᠤ ᠴᠦᠨ ᠬᠠᠶ ᠬᠡᠯᠡᠬᠦ ᠳᠡᠭᠡᠨ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ

ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠃ ᠪᠢᠳᠡ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠨᠢᠭᠡ

ᠭᠤᠣᠯ ᠰᠢᠵᠢᠮ ᠢ ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ

ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠷᠢᠶᠡᠯᠡᠩ

ᠲᠣᠭᠤᠷᠢᠭ ᠢ ᠬᠦᠴᠦᠷᠬᠡᠭᠵᠢᠭᠦᠯᠵᠦ᠂ ᠲᠦᠷᠦᠯ ᠵᠦᠢᠯ ᠢ ᠠᠳᠬᠤᠵᠤ᠂ ᠠᠵᠤ ᠦᠢᠯᠡᠰ ᠢ ᠪᠤᠶᠢᠵᠢᠭᠤᠯᠵᠤ᠂ ᠠᠷᠠᠳ ᠤᠨ

ᠠᠮᠢᠳᠤᠷᠠᠯ ᠢ ᠪᠠᠲᠤᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ

ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ

ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ

ᠰᠠᠶᠢᠨ ᠡᠬᠢᠯᠡᠯᠲᠡ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠬᠤᠸᠠᠳᠧ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃   

ᠳ᠋ᠢᠶᠤᠤ ᠴᠦᠨ ᠬᠠᠶ ᠮᠡᠳᠡᠭᠦᠯᠦᠯᠲᠡ ᠳᠡᠭᠡᠨ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ

ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠣᠷᠴᠢᠮ

ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10.5% ᠠᠴᠠ

ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10.5% ᠠᠴᠠ ᠳᠡᠭᠡᠭᠰᠢ

ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 3.1%

ᠣᠷᠴᠢᠮ ᠢᠶᠠᠷ ᠨᠡᠮᠡᠭᠳᠡᠭᠦᠯᠦᠨ᠎ᠡ︔ ᠨᠢᠭᠡ ᠯᠡ ᠤᠳᠠᠭ᠎ᠠ ᠶᠢᠨ ᠴᠢᠨᠠᠷᠲᠠᠶ ᠨᠡᠮᠡᠭᠳᠡᠭᠦᠯᠬᠦ ᠬᠦᠴᠦᠨ ᠵᠦᠢᠯ ᠢ ᠢᠯᠭᠠᠨ ᠭᠠᠷᠭᠠᠵᠤ᠂

ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ

ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠶ ᠶᠢᠨ

ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠭᠤᠯᠭᠠᠭᠰᠠᠨ

ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃

    ᠳ᠋ᠢᠶᠣᠤ ᠴᠦᠨ ᠬᠠᠢ ᠬᠡᠯᠡᠬᠦ ᠳᠡᠭᠡᠨ᠂ ᠲᠡᠦᠬᠡ ᠶᠢᠨ ᠶᠡᠭᠡ ᠬᠠᠨᠳᠤᠰᠢ ᠪᠠᠷ ᠤᠷᠤᠭᠰᠢᠯᠠᠵᠤ᠂ ᠬᠥᠮᠦᠨ ᠤ ᠶᠢᠷᠲᠢᠨᠴᠦ ᠶᠢᠨ

ᠵᠥᠪ ᠵᠠᠮ ᠢᠶᠠᠷ ᠵᠠᠮᠨᠠᠨ᠎ᠠ᠃ ᠡᠨᠡ ᠵᠢᠯ ᠤᠨ ᠬᠠᠷᠠᠯᠲᠠ ᠪᠠᠨ ᠪᠡᠶᠡᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ

ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠢᠶᠠᠷ᠂ ᠰᠢᠶᠠᠨ ᠤ ᠪᠠᠶᠢᠳᠠᠯ ᠤᠨ ᠣᠨᠴᠠᠯᠢᠭ ᠲᠠᠢ ᠨᠢᠭᠲᠠ

ᠤᠶᠠᠯᠳᠤᠭᠤᠯᠤᠨ᠂ ᠰᠢᠨ᠎ᠡ ᠦᠢᠯᠡᠳᠦᠯᠭᠡ ᠶᠢ ᠪᠣᠳᠣᠯᠬᠢᠯᠠᠵᠤ᠂ ᠪᠦᠬᠦ ᠰᠢᠶᠠᠨ ᠤ ᠥᠭᠡᠷᠡᠴᠢᠯᠡᠯᠲᠡ ᠶᠢ ᠬᠦᠴᠦᠯᠡᠨ

ᠲᠥᠯᠥᠪᠵᠢᠭᠦᠯᠵᠦ᠂ ᠲᠦᠷᠦᠯ ᠵᠦᠢᠯ ᠢᠶᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠴᠢᠨᠠᠷ ᠰᠠᠶᠢᠲᠠᠢ

ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ︔ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯ ᠮᠠᠨᠳᠤᠯ ᠢ

ᠠᠬᠢᠭᠤᠯᠵᠤ᠂ ᠣᠳᠣᠬᠢᠴᠢᠯᠠᠭᠰᠠᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠵᠠᠮ ᠢᠶᠠᠷ ᠯᠠᠪᠳᠠᠭᠤᠨ

ᠪᠠᠲᠤᠲᠠᠢ ᠰᠠᠶᠢᠲᠤᠷ ᠵᠠᠮᠨᠠᠬᠤ ᠶᠢ ᠳᠠᠭᠠᠵᠠᠢ︔ ᠥᠭᠡᠷᠡᠴᠢᠯᠡᠯᠲᠡ ᠪᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ ᠶᠢ

ᠲᠤᠪᠤᠶᠢᠯᠭᠠᠵᠦ᠂ ᠴᠢᠳᠠᠮᠵᠢ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ

ᠬᠦᠴᠦᠯᠡᠨ ᠵᠢᠷᠤᠭᠯᠠᠨ᠎ᠠ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠶᠢ ᠲᠤᠪᠤᠶᠢᠯᠭᠠᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ︔

ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠰᠢᠰᠲ᠋ᠧᠮ ᠤᠨ ᠵᠠᠰᠠᠯᠲᠠ ᠶᠢ ᠳᠤᠪᠤᠶᠢᠯᠭᠠᠵᠤ᠂ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠦᠨ᠎ᠡ︔ ᠦᠨᠳᠦᠰᠦᠨ ᠵᠦᠢᠯ ᠢ

ᠪᠠᠲᠤᠯᠠᠬᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠶᠢ ᠲᠤᠪᠤᠶᠢᠯᠭᠠᠵᠦ᠂ ᠤᠯᠠᠨ ᠲᠦᠮᠡᠨ ᠤ ᠵᠣᠯ

ᠵᠢᠷᠭᠠᠯ ᠤᠨ ᠵᠢᠭᠠᠯᠲᠠ ᠲᠤᠭ᠎ᠠ ᠶᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ︔ ᠠᠮᠤᠷ ᠲᠦᠪᠰᠢᠨ ᠲᠣᠭᠲᠠᠭᠤᠨ ᠤ ᠬᠠᠲᠠᠭᠤ

ᠬᠤᠷᠢᠭ᠎ᠠ ᠱᠤᠭᠤᠮ ᠢ ᠡᠷᠡᠰ ᠰᠠᠬᠢᠵᠤ᠂ ᠠᠮᠤᠷ ᠲᠦᠪᠰᠢᠨ ᠲᠣᠭᠲᠠᠭᠤᠨ ᠤ ᠬᠠᠲᠠᠭᠤ ᠬᠤᠷᠢᠭ᠎ᠠ ᠱᠤᠭᠤᠮ ᠢ ᠡᠷᠡᠰ ᠰᠠᠬᠢᠵᠤ᠂

ᠠᠮᠤᠷ ᠲᠦᠪᠰᠢᠨ ᠲᠣᠭᠲᠠᠭᠤᠨ ᠤ ᠬᠠᠲᠠᠭᠤ ᠬᠤᠷᠢᠭ᠎ᠠ ᠱᠤᠭᠤᠮ ᠢ ᠡᠷᠡᠰ ᠰᠠᠬᠢᠵᠤ᠂ ᠠᠵᠤ ᠠᠬᠤᠢ ᠨᠡᠶᠢᠭᠡᠮ ᠤᠨ ᠡᠯ᠎ᠡ

ᠵᠦᠢᠯ ᠤᠨ ᠠᠵᠢᠯ ᠤᠨ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃

    ᠳ᠋ᠢᠶᠣᠣ ᠴᠦᠨ ᠬᠠᠢ ᠬᠡᠯᠡᠬᠦ ᠳᠡᠭᠡᠨ᠂ ᠰᠢᠨ᠎ᠡ ᠨᠢᠭᠡ ᠵᠢᠯ ᠳᠤ᠂ ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠠᠷᠠᠳ

ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠭᠦᠷᠭᠡ ᠬᠠᠷᠢᠭᠤᠴᠠᠯᠭ᠎ᠠ ᠪᠠᠨ

ᠦᠨᠡᠨᠴᠢ ᠪᠠᠷ ᠭᠦᠢᠴᠡᠳᠬᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠬᠠᠷᠢᠴᠠᠯᠠᠰᠢᠭᠦᠢ ᠦᠨᠡᠨᠴᠢ ᠰᠢᠳᠤᠷᠭᠤ

ᠪᠠᠶᠢᠬᠤ ᠶᠢ ᠡᠷᠡᠰ ᠪᠡᠶᠡᠯᠡᠭᠦᠯᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠡᠷᠡᠰ ᠪᠡᠶᠡᠯᠡᠭᠦᠯᠵᠦ᠂

ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠪᠠᠶᠢᠬᠤ ᠶᠢ

ᠡᠷᠡᠰ ᠪᠡᠶᠡᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ

ᠴᠢᠷᠮᠠᠶᠢᠨ ᠪᠠᠶᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ

ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠥᠷᠯᠥᠭᠡ

ᠦᠳᠡᠰᠢ ᠶᠢ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠤᠸᠠᠳᠧ ᠶᠢ ᠪᠦᠬᠦ ᠲᠠᠯ᠎ᠠ ᠪᠠᠷ ᠪᠦᠳᠦᠭᠡᠨ

ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕

    ᠬᠤᠷᠠᠯ ᠤᠨ ᠵᠥᠪᠯᠡᠬᠦ ᠵᠦᠢᠯ ᠢ ᠦᠨᠳᠦᠰᠦᠯᠡᠪᠡᠯ᠂ ᠬᠤᠷᠠᠯ ᠠᠴᠠ ᠪᠠᠰᠠ ᠬᠤᠸᠠᠳᠧ ᠰᠢᠶᠠᠨ ᠤ 2024 ᠣᠨ ᠤ ᠤᠯᠤᠰ

ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ

2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ

ᠮᠡᠳᠡᠭᠦᠯᠦᠯᠲᠡ ᠶᠢ ᠬᠢᠨᠠᠨ ᠵᠥᠪᠯᠡᠪᠡ︔ ᠬᠤᠸᠠᠳᠧ ᠰᠢᠶᠠᠨ ᠤ 2024 ᠣᠨ ᠤ ᠡᠳ᠋ ᠤᠨ ᠵᠠᠰᠠᠭ ᠤᠨ ᠲᠥᠰᠦᠪ ᠢ

ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ︔

ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ

ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ

ᠪᠢᠯᠧᠲ ᠢᠶᠠᠷ ᠵᠢᠱᠢᠭᠳᠡᠭᠰᠡᠨ ᠲᠦᠷᠦᠯ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ︔ ᠠᠷᠠᠳ ᠤᠨ ᠠᠮᠢᠳᠤᠷᠠᠯ ᠤᠨ

ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠦᠯ︶ ᠶᠢ ᠤᠩᠰᠢᠨ ᠨᠡᠶᠢᠲᠡᠯᠡᠪᠡ᠃

    ᠤᠯᠤᠰ ᠲᠥᠷᠥ ᠶᠢᠨ ᠵᠥᠪᠯᠡᠯᠭᠡᠨ ᠤ ᠬᠤᠸᠠᠳᠧ ᠰᠢᠶᠠᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ

ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂

ᠵᠠᠰᠠᠭ ᠤᠨ ᠣᠷᠳᠣᠨ ᠤ ᠡᠯ᠎ᠡ ᠨᠢᠭᠡᠴᠡ᠂ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ

ᠨᠢᠭᠡᠴᠡ ᠪᠣᠯᠤᠨ ᠰᠢᠶᠠᠨ ᠳᠤ ᠰᠠᠭᠤᠭ᠎ᠠ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ᠂ ᠮᠠᠨ ᠤ ᠰᠢᠶᠠᠨ ᠳᠤ

ᠰᠠᠭᠤᠭ᠎ᠠ ᠬᠡᠰᠡᠭ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ   

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2