ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/28

   1 ᠰᠠᠷ᠎ᠠ ᠶᠢᠨ 17 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠡᠷᠬᠢᠯᠡᠭᠴᠢ ᠶᠠᠨ ᠵᠢᠶᠦ᠋ᠨ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠢ ᠡᠷᠬᠢᠯᠡᠨ

ᠬᠤᠷᠠᠯᠳᠤᠭᠤᠯᠪᠠ᠃

1737169408804093263.jpg

    ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ

ᠮᠡᠳᠡᠭᠦᠯᠦᠯᠲᠡ ᠶᠢ ᠬᠢᠨᠠᠨ ᠵᠥᠪᠯᠡᠵᠦ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ᠂ ᠡᠳᠦᠷ ᠤᠨ ᠳᠠᠷᠠᠭᠠᠯᠠᠯ ᠵᠡᠷᠭᠡ

ᠬᠤᠯᠪᠣᠭᠳᠠᠯ ᠪᠦᠬᠦᠢ ᠵᠥᠪᠯᠡᠯᠭᠡ ᠶᠢ ᠪᠠᠲᠤᠯᠠᠵᠤ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠬᠤᠷᠠᠯᠳᠤᠬᠤ ᠴᠠᠭ ᠢ ᠲᠣᠭᠲᠠᠭᠠᠵᠤ᠂ ︽ᠬᠤᠸᠠᠳᠧ

ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠳᠤ

ᠵᠠᠰᠠᠭ ᠤᠨ ᠣᠷᠳᠣᠨ ᠤ ᠭᠦᠢᠴᠡᠳᠬᠡᠬᠦ ᠳᠤ ᠬᠤᠯᠪᠣᠭᠳᠠᠭᠰᠠᠨ ᠵᠦᠢᠯᠡᠰ ᠤᠨ ᠮᠡᠳᠡᠭᠦᠯᠦᠯᠲᠡ︾ ᠶᠢ ᠵᠥᠪᠰᠢᠶᠡᠷᠡᠪᠡ᠃

    ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯ

ᠪᠦᠬᠦ ᠰᠢᠶᠠᠨ ᠤ ᠨᠢᠭᠡᠨ ᠶᠡᠭᠡ ᠶᠠᠪᠤᠳᠠᠯ᠂ ᠪᠠᠶᠠᠷ ᠤᠨ ᠶᠠᠪᠤᠳᠠᠯ᠂ ᠦᠪᠡᠳᠡᠭᠰᠢ ᠶᠠᠪᠤᠳᠠᠯ ᠮᠥᠨ᠂ ᠡᠯ᠎ᠡ ᠠᠵᠢᠯᠯᠠᠬᠤ

ᠳᠤᠭᠤᠶᠢᠯᠠᠩ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ

ᠪᠠᠳᠠᠷᠠᠭᠤᠯᠵᠤ᠂ ᠶᠡᠭᠡ ᠬᠤᠷᠠᠯ ᠤᠨ ᠡᠨᠡ ᠬᠦ ᠬᠠᠷᠠᠯᠲᠠ ᠡᠭᠦᠷᠭᠡ ᠶᠢ ᠰᠠᠶᠢᠲᠤᠷ ᠬᠤᠷᠠᠯᠳᠤᠭᠤᠯᠬᠤ ᠶᠢᠨ ᠲᠣᠭᠤᠷᠢᠨ ᠳᠤ ᠶᠡᠭᠡ

ᠬᠤᠷᠠᠯ ᠤᠨ ᠲᠤᠬᠢᠷᠠᠭᠤᠯᠤᠯᠳᠠ ᠶᠢ ᠳᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠠᠵᠢᠯ ᠢᠶᠠᠨ ᠬᠤᠪᠢᠶᠠᠷᠢᠯᠠᠨ

ᠬᠠᠮᠵᠢᠯᠴᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ

ᠬᠤᠪᠢᠶᠠᠷᠢᠯᠠᠯ ᠶᠣᠰᠣᠭᠠᠷ᠂ ᠤᠷᠢᠳᠴᠢᠯᠠᠨ ᠲᠥᠯᠥᠪᠵᠢᠭᠦᠯᠵᠦ᠂ ᠡᠷᠲᠡᠬᠡᠨ ᠲᠤᠬᠢᠷᠠᠭᠤᠯᠵᠤ᠂ ᠠᠵᠢᠯ ᠤᠨ ᠭᠤᠭᠴᠤᠭ᠎ᠠ

ᠨᠢᠭᠡᠪᠦᠷᠢ ᠶᠢ ᠴᠥᠮ ᠰᠠᠶᠢᠲᠤᠷ ᠵᠣᠯᠭᠠᠭᠤᠯᠵᠤ᠂ ᠨᠠᠷᠢᠨ ᠵᠦᠢᠯᠡᠰ ᠨᠢᠭᠡᠪᠦᠷᠢ ᠶᠢ ᠴᠥᠮ ᠪᠦᠷᠢᠨ ᠭᠦᠢᠴᠡᠳ ᠪᠣᠳᠣᠯᠬᠢᠯᠠᠵᠤ᠂

ᠪᠦᠬᠦ ᠬᠦᠴᠦᠨ ᠢᠶᠠᠷ ᠢᠶᠠᠨ ᠠᠵᠢᠯ ᠢᠶᠠᠨ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠴᠠᠭ ᠤᠨ ᠵᠠᠩᠭᠢᠶᠠᠰᠤ᠂ ᠡᠯ᠎ᠡ

ᠳᠤᠭᠤᠶᠢᠯᠠᠩ ᠤᠨ ᠡᠭᠦᠷᠭᠡ ᠶᠢ ᠦᠨᠳᠦᠰᠦᠯᠡᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠷᠭ᠎ᠠ

ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠣᠷᠬᠢᠭᠳᠠᠭᠤᠯᠬᠤ᠂ ᠠᠯᠳᠠᠭ᠎ᠠ ᠪᠤᠷᠤᠭᠤ

ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠶ᠃ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠢᠨ ᠥᠨᠳᠥᠷ ᠪᠠᠷᠢᠮᠵᠢᠶ᠎ᠠ

᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠡᠯ᠎ᠡ ᠠᠵᠢᠯ ᠤᠨ ᠭᠤᠭᠴᠤᠭ᠎ᠠ ᠶᠢ ᠱᠠᠯᠠᠪᠳᠠᠭᠤᠯᠤᠨ ᠪᠠᠶᠢᠴᠠᠭᠠᠬᠤ ᠪᠠᠨ

ᠴᠢᠩᠭᠠᠳᠬᠠᠵᠤ᠂ ᠠᠵᠢᠯ ᠤᠨ ᠳᠤᠮᠳᠠᠬᠢ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ

ᠰᠢᠢᠳᠪᠦᠷᠢᠯᠡᠵᠦ᠂ ᠨᠢᠭᠲᠠ ᠠᠴᠠ ᠨᠢᠭᠲᠠ ᠪᠠᠶᠢᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠶᠢ ᠴᠢᠷᠮᠠᠶᠢᠨ

ᠪᠡᠶᠡᠯᠡᠭᠦᠯᠵᠦ᠂ ᠶᠡᠭᠡ ᠬᠤᠷᠠᠯ ᠤᠨ ᠲᠡᠭᠦᠰ ᠠᠮᠵᠢᠯᠲᠠ ᠲᠠᠢ ᠤᠷᠤᠭᠰᠢᠲᠠᠢ᠂ ᠰᠤᠷᠲᠠᠯ ᠴᠢᠬᠡᠴᠢ ᠣᠪᠣᠷ ᠲᠥᠪ᠂

ᠲᠣᠭᠲᠠᠭᠰᠠᠨ ᠬᠤᠭᠤᠴᠠᠭᠠᠨ ᠳᠠᠭᠠᠨ ᠬᠤᠷᠠᠯᠳᠤᠬᠤ ᠶᠢ ᠪᠠᠲᠤᠯᠠᠬᠤ ᠬᠡᠷᠡᠭᠲᠡᠢ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂

ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠤᠤ ᠵᠢᠶᠠᠨ ᠭᠦᠸᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠷᠦᠩ ᠬᠤᠸᠠ᠂ ᠠᠷᠠᠳ ᠤᠨ ᠰᠢᠭᠦᠬᠦ ᠬᠤᠷᠢᠶᠠᠨ ᠤ

ᠳᠠᠷᠤᠭ᠎ᠠ ᠼᠤᠤ ᠶᠢᠦ ᠳ᠋ᠦᠩ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠤᠨ

ᠵᠥᠪᠯᠡᠯ ᠤᠨ ᠡᠷᠬᠢᠯᠡᠭᠴᠢ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2