ᠥᠷᠭᠡᠨ ᠣᠯᠠᠨ ᠵᠠᠯᠠᠭᠤᠴᠤᠳ ᠪᠠᠭᠠᠴᠤᠳ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠡᠯ᠎ᠡ | ᠦᠨᠳᠦᠰᠦᠲᠡᠨ ᠤ ᠪᠠᠭᠰᠢ ᠰᠤᠷᠤᠭᠴᠢᠳ ᠤᠨ ᠬᠠᠷᠢᠯᠴᠠᠨ ᠳᠣᠲᠣᠨᠣᠴᠢᠯᠠᠬᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠰᠠᠶᠢᠨ ᠰᠠᠶᠢᠬᠠᠨ | ᠪᠠᠶᠢᠳᠠᠯ ᠢ ᠪᠠᠬᠢᠵᠢᠭᠦᠯᠬᠦ ᠶᠢᠨ ᠲᠥᠯᠥᠭᠡ ᠶᠤᠮ᠃ 1 ᠰᠠᠷ᠎ᠠ ᠶᠢᠨ 16 ᠤ ᠡᠳᠦᠷ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠬᠤᠸᠠᠳᠧ ᠰᠢᠶᠠᠨ ᠤ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠬᠤᠸᠠᠳᠧ ᠰᠢᠶᠠᠨ ᠤ ᠠᠵᠢᠯ ᠤᠨ | ᠵᠥᠪᠯᠡᠯ ᠬᠠᠮᠲᠤᠷᠠᠨ ︽ᠪᠢᠴᠢᠬᠠᠨ ᠠᠨᠠᠷ ᠤᠨ ᠦᠷ᠎ᠡ ᠪᠠᠷ ᠨᠢᠭᠡ ᠬᠡᠷ ᠤᠨ ᠬᠥᠮᠦᠨ ᠮᠡᠲᠦ ᠪᠦᠯᠬᠦᠮᠳᠡᠬᠦ︾ ᠭᠤᠤᠯ ᠰᠡᠳᠦᠪᠲᠦ | ᠶᠠᠷᠢᠶᠠᠨ ᠤ ᠤᠷᠤᠯᠳᠤᠭᠠᠨ ᠤ ᠠᠵᠢᠯᠯᠠᠭ᠎ᠠ ᠡᠷᠭᠢᠯᠡᠪᠡ᠃ | | ᠠᠵᠢᠯᠯᠠᠭ᠎ᠠ ᠶᠢᠨ ᠳᠤᠮᠳᠠ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠥᠷᠭᠡᠨ ᠤᠯᠠᠨ ᠵᠠᠯᠠᠭᠤᠴᠤᠳ ᠪᠠᠭᠠᠴᠤᠳ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠤᠯᠤᠰ | ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠬᠠᠶᠢᠷ᠎ᠠ | ᠰᠡᠳᠬᠢᠯᠭᠡ ᠶᠢ ᠵᠤᠵᠠᠭᠠᠳᠬᠠᠵᠤ᠂ ᠰᠣᠶᠣᠯ ᠤᠨ ᠢᠲᠡᠭᠡᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠶᠡᠭᠡ ᠵᠣᠷᠢᠭ ᠢ ᠪᠤᠢ ᠪᠣᠯᠭᠠᠵᠤ᠂ ᠶᠡᠭᠡ ᠮᠣᠷᠠᠯ ᠢ ᠮᠡᠳᠡᠵᠦ᠂ ᠶᠡᠭᠡ | ᠴᠢᠳᠠᠪᠤᠷᠢᠲᠠᠨ ᠪᠣᠯᠵᠤ᠂ ᠶᠡᠭᠡ ᠡᠭᠦᠷᠭᠡ ᠶᠢ ᠡᠭᠦᠷᠭᠡᠯᠡᠵᠦ᠂ ᠵᠠᠯᠠᠭᠤ ᠨᠠᠰᠤ ᠪᠠᠨ ᠡᠬᠡ ᠤᠯᠤᠰ ᠲᠤ ᠪᠠᠨ ᠠᠭᠤᠰᠬᠠᠵᠤ᠂ ᠪᠠᠭ᠎ᠠ | ᠨᠠᠮ᠎ᠠ ᠶᠢ ᠶᠡᠭᠡ ᠪᠡᠶ᠎ᠡ ᠳᠡᠭᠡᠨ ᠠᠭᠤᠰᠤᠯᠴᠠᠭᠤᠯᠵᠤ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠭᠠᠷᠠᠢ ᠭᠡᠵᠦ | ᠵᠣᠷᠢᠭᠵᠢᠭᠤᠯᠪᠠ᠃ | ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠠᠩᠬᠠᠨ ᠤ | ᠤᠷᠤᠯᠳᠤᠭᠠᠨ ᠢᠶᠠᠷ ᠳᠠᠮᠵᠢᠨ᠂ ᠨᠡᠶᠢᠲᠡ 35 ᠰᠤᠷᠤᠭᠴᠢ ᠤᠷᠤᠯᠳᠤᠭᠠᠨ ᠳᠤ ᠣᠷᠣᠯᠴᠠᠪᠠ᠃ ᠰᠢᠢᠳᠪᠦᠷᠢᠲᠦ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠰᠤᠷᠤᠭᠴᠢᠳ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ᠂ ᠦᠵᠡᠵᠦ | ᠰᠣᠨᠣᠰᠤᠭᠰᠠᠨ ᠵᠦᠢᠯ ᠲᠠᠢ ᠪᠠᠨ ᠤᠶᠠᠯᠳᠤᠭᠤᠯᠵᠤ᠂ ᠨᠥᠯᠥᠭᠡᠯᠡᠬᠦ ᠬᠦᠴᠦᠨ ᠲᠠᠢ ᠦᠭᠡ ᠬᠡᠯᠡ ᠪᠠᠷ ᠥᠪᠡᠷ ᠤᠨ | ᠦᠨᠳᠦᠰᠦᠲᠡᠨ ᠤ ᠪᠦᠯᠬᠦᠮᠳᠡᠯ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠯᠠᠭᠤ ᠨᠠᠰᠤ ᠪᠣᠯᠤᠨ ᠰᠣᠶᠣᠯ ᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠭᠰᠡᠨ ᠦᠯᠢᠭᠡᠷ ᠢᠶᠠᠨ ᠶᠠᠷᠢᠵᠤ᠂ ᠵᠠᠯᠠᠭᠤᠴᠤᠳ ᠪᠠᠭᠠᠴᠤᠳ ᠤᠨ ᠡᠷᠡᠯᠬᠡᠭᠯᠡᠨ ᠲᠡᠮᠡᠴᠡᠬᠦ᠂ | ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠡᠭᠦᠷᠭᠡᠯᠡᠯ ᠢ ᠢᠯᠡᠷᠡᠭᠦᠯᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠲᠥᠯᠥᠭᠡ ᠬᠦᠴᠦᠯᠡᠨ | ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠪᠣᠯᠤᠨ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠬᠠᠮᠤᠭ ᠤᠨ | ᠴᠢᠩ ᠦᠨᠡᠨᠴᠢ ᠮᠠᠭᠲᠠᠭᠠᠯ ᠰᠠᠶᠢᠰᠢᠶᠠᠯ ᠢ ᠣᠯᠵᠠᠢ᠃ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠢᠩ ᠦᠨᠡᠨᠴᠢ | ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ᠂ ᠤᠯᠤᠰ ᠭᠦᠷᠦᠨ ᠤ ᠬᠠᠶᠢᠷ᠎ᠠ ᠰᠡᠳᠭᠢᠯᠭᠡ ᠶᠢᠨ ᠲᠤᠬᠠᠶ ᠰᠡᠳᠬᠢᠯ | ᠬᠥᠳᠡᠯᠭᠡᠮ᠎ᠡ ᠬᠠᠭᠤᠳᠠᠰᠤ ᠶᠢ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠬᠠᠯᠠᠭᠤᠨ | ᠠᠯᠠᠭ᠎ᠠ ᠲᠡᠰᠢᠯᠲᠡ ᠶᠢ ᠤᠯᠪᠠ᠃ | ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ ᠤᠨ ᠬᠡᠯᠪᠡᠷᠢ ᠪᠣᠯᠤᠨ | ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠨᠡᠩ ᠤᠯᠠᠨ | ᠰᠣᠯᠢᠯᠴᠠᠭ᠎ᠠ ᠦᠢᠯᠡᠳᠦᠯᠴᠡᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠵᠠᠯᠠᠭᠤᠴᠤᠳ ᠪᠠᠭᠠᠴᠤᠳ ᠤᠨ ᠠᠵᠢᠯ ᠤᠨ ᠪᠦᠬᠦ ᠶᠠᠪᠤᠴᠠ ᠳᠤ | ᠠᠭᠤᠰᠤᠯᠴᠠᠭᠤᠯᠵᠤ᠂ ᠤᠯᠤᠰ ᠲᠦᠷᠦ ᠡᠷᠡᠰ ᠪᠠᠲᠤ᠂ ᠬᠡᠪ ᠪᠣᠯᠪᠠᠰᠤᠷᠠᠯ ᠴᠢᠩᠭ᠎ᠠ᠂ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠦᠨ᠎ᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |