ᠨᠢᠭᠡ᠂ ᠨᠠᠶᠢᠷᠠᠭᠤᠯᠤᠨ ᠵᠣᠬᠢᠶᠠᠬᠤ ᠵᠣᠷᠢᠯᠭ᠎ᠠ | ᠬᠥᠳᠡᠭᠡ ᠲᠣᠰᠬᠤᠨ ᠤ ᠬᠦᠴᠢᠷᠳᠡᠯᠲᠡᠶ ᠨᠠᠰᠤᠲᠠᠶᠢᠴᠤᠳ ᠤᠨ ᠠᠮᠢᠳᠤᠷᠠᠯ ᠢ ᠬᠠᠷᠠᠭᠠᠯᠵᠠᠬᠤ ᠠᠰᠠᠭᠤᠳᠠᠯ ᠢ ᠦᠨᠡᠨ | ᠬᠦ ᠰᠢᠢᠳᠪᠦᠷᠢᠯᠡᠬᠦ ᠶᠢᠨ ᠲᠥᠯᠥᠭᠡ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ | ᠠᠰᠠᠷᠠᠮᠵᠢ ᠶᠢᠨ ᠬᠦᠷᠢᠶᠡᠯᠡᠩ ᠤᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠦᠬᠦ ᠰᠢᠶᠠᠨ ᠤ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠬᠤᠶᠠᠷ᠂ ᠣᠷᠣᠨ ᠲᠣᠭᠠᠨ ᠤ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠤᠯᠠᠭᠠᠨᠴᠠᠪ ᠬᠤᠲᠠ ᠶᠢᠨ ᠬᠥᠳᠡᠭᠡ | ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ | ᠠᠷᠭ᠎ᠠ︾ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠭᠤᠷᠪᠠ᠂ ᠭᠤᠣᠯ ᠠᠭᠤᠯᠭ᠎ᠠ | ᠡᠭᠦᠨ ᠳᠤ ᠶᠡᠷᠦᠩᠬᠡᠶ ᠲᠦᠷᠢᠮ᠂ ᠡᠮᠨᠡᠯᠭᠡ ᠳᠤ ᠤᠷᠤᠭᠰᠠᠨ ᠡᠲᠡᠭᠡᠳ ᠪᠣᠯᠤᠨ ᠲᠠᠰ ᠳᠠᠷᠠᠭᠠᠯᠠᠯ ᠢ | ᠭᠦᠢᠴᠡᠳᠭᠡᠬᠦ ᠂ ᠳᠣᠲᠣᠭᠠᠳᠤ ᠶᠢᠨ ᠡᠵᠡᠩᠨᠡᠯᠲᠡ ᠬᠢᠭᠡᠳ ᠰᠤᠷᠭᠠᠭᠤᠯᠢ ᠶᠢᠨ ᠶᠠᠪᠤᠳᠠᠯ ᠤᠨ | ᠬᠠᠮᠢᠶᠠᠷᠤᠯᠲᠠ᠂ ᠵᠠᠷᠤᠳᠠᠯ ᠤᠨ ᠪᠠᠲᠤᠯᠠᠭ᠎ᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ᠂ ᠳᠠᠭᠠᠯᠳᠤᠭᠤᠯᠤᠯ | ᠲᠦᠷᠢᠮ ᠲᠠᠪᠤᠨ ᠪᠦᠯᠦᠭ ᠤᠨ ᠠᠭᠤᠯᠭ᠎ᠠ ᠶᠢ ᠪᠠᠭᠲᠠᠭᠠᠵᠤ᠂ ᠣᠷᠣᠵᠤ ᠰᠠᠭᠤᠬᠤ ᠡᠲᠡᠭᠡᠳ᠂ ᠬᠦᠷᠢᠶᠡᠨ ᠳᠤ ᠣᠷᠣᠬᠤ | ᠲᠠᠰ ᠳᠠᠷᠠᠭᠠᠯᠠᠯ᠂ ᠦᠢᠯᠡᠴᠢᠯᠡᠭᠡᠨ ᠤ ᠠᠭᠤᠯᠭ᠎ᠠ᠂ ᠰᠤᠷᠭᠠᠭᠤᠯᠢ ᠶᠢᠨ ᠶᠠᠪᠤᠳᠠᠯ ᠤᠨ | ᠬᠠᠮᠢᠶᠠᠷᠤᠯᠲᠠ᠂ ᠪᠠᠯᠠ ᠮᠥᠩᠭᠦ ᠶᠢᠨ ᠪᠠᠲᠤᠯᠠᠭ᠎ᠠ ᠪᠠ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ | ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠬᠤᠸᠠᠳᠧ ᠰᠢᠶᠠᠨ ᠤ ᠬᠥᠳᠡᠭᠡ ᠲᠣᠰᠬᠤᠨ ᠤ ᠵᠣᠯ ᠵᠢᠷᠭᠠᠯ ᠤᠨ | ᠬᠦᠷᠢᠶᠡᠯᠡᠩ ᠤᠨ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠭᠡ | ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠦᠷᠢᠶᠡᠨ ᠳᠤ ᠣᠷᠣᠬᠤ | ᠲᠠᠰ ᠳᠠᠷᠠᠭᠠᠯᠠᠯ ᠲᠠᠢ᠂ ᠬᠠᠮᠢᠶᠠᠷᠤᠯᠲᠠ ᠵᠣᠬᠢᠶᠠᠨ ᠪᠠᠶᠢᠭᠤᠯᠤᠯᠲᠠ ᠲᠠᠢ᠂ ᠠᠵᠢᠯᠯᠠᠭᠠᠨ ᠲᠦᠷᠢᠮ ᠲᠠᠢ᠂ ᠬᠥᠭᠵᠢᠯᠲᠡ | ᠪᠠᠲᠤᠯᠠᠭ᠎ᠠ ᠲᠠᠢ ᠪᠠᠶᠢᠬᠤ ᠶᠢ ᠪᠡᠶᠡᠯᠡᠭᠦᠯᠪᠡ᠃ | ᠲᠦᠷᠦ ᠶᠢᠨ ᠪᠤᠳᠤᠯᠭ᠎ᠠ ᠶᠢᠨ ᠤᠭ ᠵᠤᠬᠢᠶᠠᠯ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠬᠤᠸᠠᠳᠧ ᠰᠢᠶᠠᠨ ᠤ ᠬᠥᠳᠡᠭᠡ ᠲᠣᠰᠬᠤᠨ ᠤ | ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ︾ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |