ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠬᠤᠸᠠᠳᠧ ᠰᠢᠶᠠᠨ ᠤ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/1/28

    ᠨᠢᠭᠡᠳᠦᠭᠡᠷ ᠪᠦᠯᠦᠭ ᠶᠡᠷᠦᠩᠬᠡᠢ ᠳᠦᠷᠢᠮ

    ᠨᠢᠭᠡᠳᠦᠭᠡᠷ ᠵᠦᠢᠯ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ

ᠬᠦᠷᠢᠶᠡᠯᠡᠩ ︵ᠳᠣᠷᠣᠭᠰᠢ ᠵᠣᠯ ᠵᠢᠷᠭᠠᠯ ᠤᠨ ᠬᠦᠷᠢᠶᠡᠯᠡᠩ ᠭᠡᠵᠦ ᠲᠣᠪᠴᠢᠯᠠᠨ᠎ᠠ︶ ᠤᠨ ᠠᠵᠢᠯᠯᠠᠭᠠᠨ ᠤ

ᠬᠠᠮᠢᠶᠠᠷᠤᠯᠲᠠ ᠶᠢ ᠵᠢᠷᠤᠮᠵᠢᠭᠤᠯᠵᠤ᠂ ᠪᠥᠬᠦ ᠰᠢᠶᠠᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ

ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ

ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ

ᠬᠡᠷᠡᠭᠵᠢᠭᠦᠯᠬᠦ︶︾ ᠪᠠ ︽ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ

ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠮᠠᠨ ᠤ

ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

    ᠬᠤᠶᠠᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠪᠣᠯ ᠲᠣᠰᠬᠤᠨ ᠤ ᠱᠠᠲᠤᠨ ᠠᠴᠠ ᠭᠤᠤᠯᠯᠠᠨ ᠡᠷᠭᠢᠯᠡᠵᠦ

᠂ ᠵᠠᠰᠠᠭ ᠤᠨ ᠣᠷᠳᠣᠨ ᠠᠴᠠ ᠳᠡᠮᠵᠢᠵᠦ᠂ ᠨᠡᠶᠢᠭᠡᠮ ᠤᠨ ᠬᠢᠨ ᠣᠷᠣᠯᠴᠠᠵᠤ᠂ ᠵᠠᠰᠠᠭ ᠤᠨ ᠣᠷᠳᠣᠨ ᠠᠴᠠ

ᠨᠢᠭᠡᠳᠦᠯᠲᠡᠶ ᠲᠥᠯᠥᠪᠵᠢᠭᠦᠯᠦᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠪᠠᠶᠢᠵᠤ᠂ ᠰᠢᠶᠠᠩ ᠪᠠᠯᠭᠠᠰᠤᠨ ᠤ ᠰᠠᠭᠤᠭ᠎ᠠ ᠭᠠᠵᠠᠷ ᠪᠤᠶᠤ ᠨᠡᠯᠢᠶᠡᠳ

ᠶᠡᠭᠡ ᠵᠠᠰᠠᠭ ᠵᠠᠬᠢᠷᠭᠠᠨ ᠤ ᠲᠣᠰᠬᠤᠨ ᠪᠠᠶᠢᠭᠤᠯᠵᠤ᠂ ᠲᠥᠪᠯᠡᠷᠡᠭᠦᠯᠦᠨ ᠣᠷᠣᠰᠢᠨ ᠰᠠᠭᠤᠬᠤ᠂ ᠡᠷᠦᠬᠡ ᠬᠤᠪᠢᠶᠠᠨ

ᠠᠮᠢᠳᠤᠷᠠᠬᠤ᠂ ᠨᠢᠭᠡᠳᠦᠯᠲᠡᠶ ᠬᠠᠮᠢᠶᠠᠷᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠪᠰᠤᠷᠤᠯᠴᠠᠬᠤ

ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂

ᠨᠡᠶᠢᠭᠡᠮ ᠤᠨ ᠪᠦᠯᠬᠦᠮ᠂ ᠬᠤᠪᠢ ᠬᠥᠮᠦᠨ ᠤ ᠵᠣᠯ ᠵᠢᠷᠭᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ

ᠣᠷᠣᠯᠴᠠᠬᠤ᠂ ᠳᠡᠮᠵᠢᠬᠦ ᠪᠠ ᠵᠣᠭᠤᠰ ᠮᠥᠩᠭᠦ ᠪᠠᠷ ᠲᠤᠰᠠᠯᠠᠬᠤ ᠶᠢ ᠰᠠᠨᠠᠭᠠᠴᠢᠯᠠᠨ ᠵᠣᠷᠢᠭᠵᠢᠭᠤᠯᠤᠨ᠎ᠠ᠃

    ᠭᠤᠷᠪᠠᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠤᠨ ᠠᠵᠢᠯᠯᠠᠭᠠᠨ ᠤ ᠬᠠᠮᠢᠶᠠᠷᠤᠯᠲᠠ ᠨᠢ ᠦᠨᠳᠦᠰᠦᠨ

ᠱᠠᠲᠤᠨ ᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠲᠣᠰᠬᠤᠨ ᠤ ᠠᠷᠠᠳ ᠤᠨ ᠥᠪᠡᠷᠲᠡᠭᠡᠨ

ᠵᠠᠰᠠᠬᠤ ᠪᠠ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠵᠠᠰᠠᠯᠲᠠ ᠶᠢ ᠠᠭᠤᠰᠤᠯᠴᠠᠭᠤᠯᠤᠨ ᠬᠥᠭᠵᠢᠭᠦᠯᠬᠦ

ᠬᠡᠯᠪᠡᠷᠢ ᠪᠠᠷ ︽ᠭᠤᠷᠪᠠ ᠶᠢ ᠭᠤᠤᠯ ᠪᠣᠯᠭᠠᠬᠤ᠂ ᠭᠤᠷᠪᠠ ᠶᠢ ᠤᠶᠠᠯᠳᠤᠭᠤᠯᠬᠤ︾ ᠵᠠᠷᠴᠢᠮ ᠢ ᠪᠠᠷᠢᠮᠲᠠᠯᠠᠬᠤ ᠬᠡᠷᠡᠭᠲᠡᠶ

᠄ ᠲᠤᠬᠠᠶᠢᠯᠠᠪᠠᠯ ᠵᠣᠯ ᠵᠢᠷᠭᠠᠯ ᠤᠨ ᠬᠦᠷᠢᠶᠡᠯᠡᠩ ᠳᠤ ᠣᠷᠣᠵᠤ ᠰᠠᠭᠤᠭᠰᠠᠨ ᠨᠠᠰᠤᠲᠠᠶᠢᠴᠤᠳ ᠤᠨ ᠥᠪᠡᠷ ᠢ ᠪᠠᠨ

ᠬᠠᠮᠢᠶᠠᠷᠬᠤ᠂ ᠠᠷᠠᠳᠴᠢᠯᠠᠯ ᠢᠶᠠᠷ ᠬᠠᠮᠢᠶᠠᠷᠬᠤ ᠪᠠᠷ ᠭᠤᠤᠯ ᠪᠣᠯᠭᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ᠂

ᠨᠢᠭᠡᠳᠦᠯᠲᠡᠶ ᠬᠠᠮᠢᠶᠠᠷᠤᠯᠲᠠ ᠲᠠᠢ ᠤᠶᠠᠯᠳᠤᠭᠤᠯᠤᠨ᠎ᠠ︔ ᠥᠪᠡᠷ ᠤᠨ ᠦᠢᠯᠡᠴᠢᠯᠡᠭᠡ᠂ ᠬᠠᠷᠢᠯᠴᠠᠨ ᠬᠠᠪᠰᠤᠷᠤᠯᠴᠠᠬᠤ

ᠦᠢᠯᠡᠴᠢᠯᠡᠭᠡ ᠪᠠᠷ ᠭᠤᠤᠯ ᠪᠣᠯᠭᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠠᠶᠢᠨ

ᠳᠤᠷ᠎ᠠ ᠶᠢᠨ ᠠᠵᠢᠯᠯᠠᠭᠰᠠᠳ ᠲᠤ ᠦᠢᠯᠡᠴᠢᠯᠡᠬᠦ ᠲᠠᠢ ᠤᠶᠠᠯᠳᠤᠭᠤᠯᠤᠨ᠎ᠠ︔ ᠥᠪᠡᠷ ᠤᠨ ᠪᠠᠲᠤᠯᠠᠭ᠎ᠠ᠂ ᠦᠷ᠎ᠡ

ᠬᠡᠦᠬᠡᠳ ᠢᠶᠠᠨ ᠠᠰᠠᠷᠠᠨ ᠲᠡᠵᠢᠭᠡᠬᠦ ᠪᠠᠷ ᠭᠤᠤᠯ ᠪᠣᠯᠭᠠᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ᠂

ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠭᠤᠰ ᠢᠶᠠᠷ ᠲᠤᠰᠠᠯᠠᠬᠤ ᠲᠠᠢ ᠤᠶᠠᠯᠳᠤᠭᠤᠯᠤᠨ᠎ᠠ᠃

    ᠳᠥᠷᠪᠡᠳᠦᠭᠡᠷ ᠵᠦᠢᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠵᠣᠯ ᠵᠢᠷᠭᠠᠯ ᠤᠨ

ᠬᠦᠷᠢᠶᠡᠯᠡᠩ ᠤᠨ ᠬᠠᠮᠢᠶᠠᠷᠤᠯᠲᠠ ᠶᠢᠨ ᠭᠤᠣᠯ ᠴᠣᠭᠴᠠ ᠮᠥᠨ᠂ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ

ᠠᠵᠢᠯᠯᠠᠭᠠᠨ ᠤ ᠤᠳᠤᠷᠢᠳᠤᠯᠭ᠎ᠠ ᠶᠢ ᠴᠢᠩᠭᠠᠳᠬᠠᠵᠤ᠂ ᠲᠣᠰᠬᠤᠨ ᠤ ᠨᠠᠮ ᠤᠨ ᠡᠭᠦᠷ᠂ ᠲᠣᠰᠬᠤᠨ ᠤ ᠠᠷᠠᠳ ᠤᠨ

ᠵᠥᠪᠯᠡᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠵᠣᠯ ᠵᠢᠷᠭᠠᠯ ᠤᠨ

ᠬᠦᠷᠢᠶᠡᠯᠡᠩ ᠤᠨ ᠬᠠᠮᠢᠶᠠᠷᠤᠯᠲᠠ ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠰᠢᠶᠠᠨ ᠤ

ᠠᠷᠠᠳ ᠤᠨ ᠶᠠᠪᠤᠳᠠᠯ ᠤᠨ ᠲᠣᠪᠴᠢᠶ᠎ᠠ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ᠃

    ᠲᠠᠪᠤᠳᠤᠭᠠᠷ ᠵᠦᠢᠯ᠂ ᠵᠢᠷᠭᠠᠯᠠᠩᠲᠤ ᠡᠮᠨᠡᠯᠭᠡ ᠶᠢᠨ ᠬᠤᠷᠢᠶ᠎ᠠ ᠨᠤᠭᠤᠳ ︽ᠥᠪᠡᠷᠲᠡᠭᠡᠨ ᠵᠠᠰᠠᠬᠤ᠂ ᠰᠠᠶᠢᠨ

ᠳᠤᠷ᠎ᠠ ᠠᠴᠠ ᠪᠠᠨ ᠪᠠᠶᠢᠬᠤ᠂ ᠥᠪᠡᠰᠦᠪᠡᠨ ᠠᠷᠭᠠᠴᠠᠬᠤ᠂ ᠥᠪᠡᠰᠦᠪᠡᠨ ᠭᠦᠢᠴᠡᠳᠬᠡᠬᠦ︾ ᠵᠠᠷᠴᠢᠮ ᠶᠣᠰᠣᠭᠠᠷ᠂

ᠣᠷᠣᠵᠤ ᠰᠠᠭᠤᠭᠰᠠᠨ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠴᠢᠳᠠᠯ ᠤᠨ ᠢᠶᠠᠨ ᠬᠢᠷᠢ ᠪᠠᠷ ᠣᠷᠣᠯᠴᠠᠭᠤᠯᠵᠤ᠂

ᠲᠥᠷᠥᠯ ᠰᠠᠳᠤᠨ ᠪᠠ ᠨᠠᠶᠢᠵᠠ ᠨᠥᠬᠦᠳ ᠢᠶᠠᠷ ᠢᠶᠠᠨ ᠬᠠᠷᠢᠯᠴᠠᠨ ᠬᠠᠪᠰᠤᠷᠤᠯᠴᠠᠬᠤ᠂ ᠬᠥᠷᠰᠢ ᠵᠡᠷᠭᠡᠯᠡᠳᠡᠭᠡ ᠪᠠᠷ ᠢᠶᠠᠨ

ᠬᠠᠷᠢᠯᠴᠠᠨ ᠬᠠᠪᠰᠤᠷᠤᠯᠴᠠᠬᠤ᠂ ᠬᠤᠣᠰᠯᠠᠨ ᠬᠠᠪᠰᠤᠷᠤᠯᠴᠠᠬᠤ ᠵᠡᠷᠭᠡ ᠶᠢ ᠬᠠᠪᠰᠤᠷᠤᠨ ᠲᠡᠳᠬᠦᠵᠦ᠂ ᠡᠮᠨᠡᠯᠭᠡ ᠶᠢᠨ

ᠬᠤᠷᠢᠶ᠎ᠠ ᠠᠴᠠ ᠭᠠᠳᠠᠨᠠᠬᠢ ᠨᠠᠰᠤᠲᠠᠶᠢᠴᠤᠳ ᠤᠨ ᠡᠳᠦᠷ ᠲᠤᠲᠤᠮ ᠤᠨ ᠬᠠᠷᠠᠭᠠᠯᠵᠠᠯ᠂ ᠡᠷᠡᠭᠦᠯᠵᠢᠯ ᠤᠨ ᠹᠢᠽᠢᠺ ᠵᠠᠰᠠᠯ

᠂ ᠬᠡᠷ ᠤᠨ ᠶᠠᠪᠤᠳᠠᠯ ᠤᠨ ᠦᠢᠯᠡᠴᠢᠯᠡᠭᠡ᠂ ᠬᠤᠭᠤᠯᠠ ᠢᠳᠡᠵᠦ ᠡᠮᠨᠡᠭᠦᠯᠬᠦ ᠵᠡᠷᠭᠡ ᠪᠣᠳᠠᠲᠠᠶ ᠬᠦᠴᠢᠷᠳᠡᠯ ᠢ

ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠶ᠃

    ᠬᠤᠶᠠᠳᠤᠭᠠᠷ ᠪᠦᠯᠦᠭ ᠡᠮᠨᠡᠯᠭᠡ ᠳᠤ ᠰᠠᠭᠤᠬᠤ ᠡᠲᠡᠭᠡᠳ ᠬᠢᠭᠡᠳ ᠳᠡᠰ ᠳᠠᠷᠠᠭᠠᠯᠠᠯ

    ᠵᠢᠷᠭᠤᠳᠤᠭᠠᠷ ᠵᠦᠢᠯ᠂ ᠪᠦᠬᠦᠯᠢ 60 ᠨᠠᠰᠤ ᠠᠴᠠ ᠳᠡᠭᠡᠭᠰᠢ ᠪᠣᠯᠵᠤ᠂ ᠠᠮᠢᠳᠤᠷᠠᠯ ᠢᠶᠠᠨ ᠥᠪᠡᠷ ᠢ ᠪᠠᠨ

ᠠᠷᠭᠠᠴᠠᠵᠤ ᠳᠡᠶᠢᠯᠬᠦ᠂ ᠣᠶᠤᠨ ᠮᠡᠳᠡᠷᠡᠯ ᠤᠨ ᠴᠢᠨᠠᠷᠲᠠᠶ ᠡᠪᠡᠳᠴᠢᠨ ᠡᠮᠭᠡᠭ᠂ ᠬᠠᠯᠳᠠᠪᠤᠷᠢᠲᠤ ᠴᠢᠨᠠᠷᠲᠠᠶ ᠡᠪᠡᠳᠴᠢᠨ

ᠡᠮᠭᠡᠭ ᠦᠭᠡᠶ ᠪᠠ ᠪᠤᠰᠤᠳ ᠬᠠᠮᠲᠤ ᠶᠢᠨ ᠠᠮᠢᠳᠤᠷᠠᠯ ᠢ ᠨᠥᠯᠥᠭᠡᠯᠡᠬᠦ ᠡᠪᠡᠳᠴᠢᠨ ᠡᠮᠭᠡᠭ᠂ ᠣᠷᠣᠵᠤ ᠰᠠᠭᠤᠬᠤ

ᠬᠦᠰᠡᠯ ᠲᠠᠢ᠂ ᠵᠥᠪᠰᠢᠶᠡᠷᠡᠭᠦᠯᠦᠭᠡᠳ ᠰᠠᠶ᠋ᠢ ᠡᠮᠨᠡᠯᠭᠡ ᠳᠤ ᠣᠷᠣᠵᠤ ᠪᠣᠯᠤᠨ᠎ᠠ᠃ ᠣᠨᠴᠠ ᠬᠦᠴᠢᠷᠳᠡᠯᠲᠡᠢ ᠬᠥᠮᠥᠰ᠂

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ

ᠪᠦᠯᠢ ᠶᠢᠨ ᠨᠠᠰᠤᠲᠠᠶᠢᠴᠤᠳ᠂ ᠭᠡᠷ ᠲᠡᠭᠡᠨ ᠬᠤᠴᠤᠷᠤᠭᠰᠠᠨ ᠭᠡᠷ ᠲᠡᠭᠡᠨ ᠬᠤᠴᠤᠷᠤᠭᠰᠠᠨ ᠨᠠᠰᠤᠲᠠᠶᠢᠴᠤᠳ ᠵᠢᠴᠢ

ᠠᠮᠢᠳᠤᠷᠠᠯ ᠨᠢ ᠬᠦᠴᠢᠷᠳᠡᠯᠲᠡᠢ ᠪᠤᠰᠤᠳ ᠨᠠᠰᠤᠲᠠᠶᠢᠴᠤᠳ ᠢ ᠡᠩ ᠲᠡᠷᠢᠭᠦᠨ ᠳᠤ ᠪᠤᠳᠤᠯᠬᠢᠯᠠᠨ᠎ᠠ᠃ ᠨᠥᠬᠦᠴᠡᠯ ᠳᠤ

ᠨᠡᠶᠢᠴᠡᠬᠦ ᠡᠲᠡᠭᠡᠳ ᠤᠨ ᠡᠮᠨᠡᠯᠭᠡ ᠳᠤ ᠰᠠᠭᠤᠬᠤ ᠰᠠᠶᠢᠨ ᠳᠤᠷ᠎ᠠ ᠠᠴᠠ ᠪᠠᠨ ᠡᠮᠨᠡᠯᠭᠡ ᠠᠴᠠ ᠭᠠᠷᠬᠤ ᠡᠷᠬᠡ ᠴᠢᠯᠥᠭᠡ

    ᠳᠣᠯᠣᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠳᠤ ᠰᠠᠭᠤᠵᠤ ᠪᠠᠶᠢᠭ᠎ᠠ ᠬᠤᠭᠤᠴᠠᠭᠠᠨ ᠳᠤ᠂

ᠨᠠᠰᠤᠲᠠᠶᠢᠴᠤᠳ ᠤᠨ ᠠᠮᠢᠳᠤᠷᠠᠯ ᠨᠢ ᠥᠪᠡᠷ ᠢ ᠪᠠᠨ ᠠᠷᠭᠠᠴᠠᠵᠤ ᠳᠡᠶᠢᠯᠬᠦ ᠦᠭᠡᠶ ᠦᠶ᠎ᠡ ᠳᠤ᠂ ᠡᠮᠨᠡᠯᠭᠡ ᠶᠢᠨ

ᠬᠤᠷᠢᠶᠠᠨ ᠤ ᠲᠠᠯ᠎ᠠ ᠠᠴᠠ ᠠᠴᠢᠯᠠᠨ ᠲᠡᠵᠢᠭᠡᠵᠦ ᠪᠠᠶᠢᠭ᠎ᠠ ᠬᠥᠮᠦᠨ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠂

ᠡᠰᠡᠬᠦᠯ᠎ᠡ ᠠᠴᠢᠯᠠᠨ ᠲᠡᠵᠢᠭᠡᠵᠦ ᠪᠠᠶᠢᠭ᠎ᠠ ᠬᠥᠮᠦᠨ ᠨᠢ ᠲᠤᠰᠬᠠᠶ ᠬᠥᠮᠦᠨ ᠬᠥᠯᠥᠰᠥᠯᠡᠨ ᠡᠮᠨᠡᠯᠭᠡ ᠶᠢᠨ ᠬᠤᠷᠢᠶᠠᠨ ᠳᠤ

ᠠᠰᠠᠷᠠᠵᠤ ᠰᠤᠪᠢᠯᠠᠭᠰᠠᠨ ᠴᠤ᠂ ᠰᠢᠶᠠᠨ ᠰᠢᠶᠠᠩ ᠤᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ

ᠪᠠᠶᠢᠭᠤᠯᠤᠮᠵᠢ ᠳᠤ ᠰᠢᠯᠵᠢᠭᠦᠯᠦᠨ ᠣᠷᠣᠭᠤᠯᠵᠤ ᠪᠣᠯᠤᠨ᠎ᠠ᠃

    ᠵᠢᠷᠭᠠᠯᠠᠩᠲᠤ ᠬᠦᠷᠢᠶᠡᠯᠡᠩ ᠳᠤ ᠣᠷᠣᠵᠤ ᠰᠠᠭᠤᠭᠰᠠᠨ ᠨᠠᠰᠤᠲᠠᠨ ᠤᠬᠠᠮᠰᠠᠷ ᠠᠴᠠ ᠪᠠᠨ ᠬᠦᠷᠢᠶᠡᠨ ᠤ ᠳᠦᠷᠢᠮ

ᠲᠣᠭᠲᠠᠭᠠᠯ ᠢ ᠵᠢᠷᠤᠮᠯᠠᠬᠤ ᠬᠡᠷᠡᠭᠲᠡᠶ᠃

  ᠨᠠᠶ᠋ᠮᠠᠳᠤᠭᠠᠷ ᠵᠦᠢᠯ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ︽ᠵᠣᠯ ᠵᠢᠷᠭᠠᠯ ᠤᠨ

ᠬᠦᠷᠢᠶᠡᠯᠡᠩ ᠳᠤ ᠣᠷᠣᠵᠤ ᠰᠠᠭᠤᠬᠤ ᠶᠢ ᠬᠢᠨᠠᠨ ᠵᠥᠪᠰᠢᠶᠡᠷᠡᠭᠦᠯᠬᠦ ᠬᠦᠰᠦᠨᠦᠭᠲᠦ︾ ᠶᠢ ᠲᠣᠭᠲᠠᠭᠠᠬᠤ ᠬᠡᠷᠡᠭᠲᠡᠶ᠃

ᠡᠮᠨᠡᠯᠭᠡ ᠳᠤ ᠰᠠᠭᠤᠵᠤ ᠰᠠᠭᠤᠬᠤ ᠬᠦᠰᠡᠯ ᠲᠠᠢ ᠨᠠᠰᠤᠲᠠᠶᠢᠴᠤᠳ ᠢ ᠲᠤᠰ ᠬᠥᠮᠥᠨ ᠪᠤᠶᠤ ᠬᠠᠤᠯᠢ ᠪᠠᠷ

ᠲᠣᠭᠲᠠᠭᠠᠭᠰᠠᠨ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠵᠡᠷᠭᠡ ᠡᠭᠦᠷᠭᠡᠲᠦ ᠬᠥᠮᠥᠨ ᠢᠶᠠᠷ ᠭᠤᠶᠤᠴᠢᠯᠠᠨ ᠬᠢᠨᠠᠨ

ᠵᠥᠪᠰᠢᠶᠡᠷᠡᠭᠦᠯᠬᠦ ᠬᠦᠰᠦᠨᠦᠭᠲᠦ ᠶᠢ ᠲᠠᠭᠯᠠᠵᠤ᠂ ᠭᠠᠴᠠᠭᠠᠨ ᠤ ᠠᠷᠠᠳ ᠤᠨ ᠵᠥᠪᠯᠡᠯ ᠢᠶᠠᠷ ᠬᠢᠨᠠᠨ

ᠵᠥᠪᠰᠢᠶᠡᠷᠡᠭᠦᠯᠬᠦ ᠶᠢᠨ ᠬᠠᠮᠲᠤ ᠰᠠᠨᠠᠯ ᠢᠶᠠᠨ ᠪᠢᠴᠢᠭᠰᠡᠨ ᠤ ᠳᠠᠷᠠᠭ᠎ᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ

ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠬᠢᠨᠠᠨ ᠵᠥᠪᠰᠢᠶᠡᠷᠡᠬᠦ ᠬᠦᠰᠦᠨᠦᠭᠲᠦ ᠶᠢ ᠨᠢᠭᠡ ᠬᠡᠯᠪᠡᠷᠢ ᠶᠢᠨ

ᠬᠤᠶᠠᠷ ᠬᠤᠪᠢ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ

ᠵᠥᠪᠯᠡᠯ ᠲᠤᠰ ᠪᠦᠷᠢ ᠨᠢᠭᠡ ᠬᠤᠪᠢ ᠬᠠᠳᠠᠭᠠᠯᠠᠨ᠎ᠠ᠃ ᠡᠮᠨᠡᠯᠭᠡ ᠳᠤ ᠣᠷᠣᠬᠤ ᠦᠶᠡᠰ᠂ ᠲᠤᠰ ᠬᠥᠮᠦᠨ ᠪᠤᠶᠤ

ᠬᠠᠤᠯᠢ ᠪᠠᠷ ᠲᠣᠭᠲᠠᠭᠠᠭᠰᠠᠨ ᠡᠭᠦᠷᠭᠡ ᠲᠠᠢ ᠬᠥᠮᠦᠨ ᠨᠢ ᠭᠠᠴᠠᠭᠠᠨ ᠤ ᠠᠷᠠᠳ ᠤᠨ ᠵᠥᠪᠯᠡᠯ ᠲᠠᠢ ᠬᠦᠷᠢᠶᠡᠯᠡᠩ ᠳᠤ

ᠣᠷᠣᠬᠤ ᠬᠡᠯᠡᠯᠴᠡᠭᠡᠷ ᠤᠨ ᠪᠢᠴᠢᠭ ᠲᠣᠭᠲᠠᠬᠤ ᠬᠡᠷᠡᠭᠲᠡᠢ᠃ ᠰᠠᠶᠢᠨ ᠳᠤᠷ᠎ᠠ ᠠᠴᠠ ᠪᠠᠨ ᠡᠮᠨᠡᠯᠭᠡ ᠠᠴᠠ ᠭᠠᠷᠬᠤ ᠪᠤᠶᠤ

ᠵᠠᠷᠯᠢᠭᠳᠠᠨ ᠡᠮᠨᠡᠯᠭᠡ ᠠᠴᠠ ᠭᠠᠷᠭᠠᠬᠤ ᠦᠶ᠎ᠡ ᠳᠤ᠂ ᠲᠡᠭᠦᠨ ᠤ ᠲᠤᠰ ᠬᠥᠮᠦᠨ ᠪᠣᠯᠤᠨ ᠠᠴᠢᠯᠠᠨ

ᠲᠡᠵᠢᠭᠡᠭᠴᠢ ᠪᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠵᠤ᠂ ᠲᠡᠭᠦᠨ ᠤ ᠠᠴᠢᠯᠠᠨ ᠲᠡᠵᠢᠭᠡᠭᠴᠢ ᠨᠢ

ᠡᠮᠨᠡᠯᠭᠡ ᠠᠴᠠ ᠭᠠᠷᠬᠤ ᠪᠠᠷ ᠬᠦᠯᠢᠶᠡᠨ ᠠᠪᠬᠤ ᠬᠡᠷᠡᠭᠲᠡᠶ᠃

    ᠶᠢᠰᠦᠳᠦᠭᠡᠷ ᠵᠦᠢᠯ᠂ ᠵᠣᠯ ᠵᠢᠷᠭᠠᠯ ᠤᠨ ᠬᠦᠷᠢᠶᠡᠯᠡᠩ ᠳᠤ ᠰᠠᠭᠤᠵᠤ ᠪᠠᠶᠢᠭ᠎ᠠ ᠬᠤᠭᠤᠴᠠᠭᠠᠨ ᠳᠤ᠂

ᠨᠠᠰᠤᠲᠠᠶᠢᠴᠤᠳ ᠤᠨ ᠠᠮᠢᠳᠤᠷᠠᠯ ᠢᠶᠠᠨ ᠠᠷᠭᠠᠴᠠᠵᠤ ᠳᠡᠶᠢᠯᠬᠦ ᠦᠭᠡᠶ ᠦᠶ᠎ᠡ ᠳᠤ᠂ ᠬᠦᠷᠢᠶᠡᠯᠡᠩ ᠤᠨ ᠲᠠᠯ᠎ᠠ ᠠᠴᠠ

ᠠᠰᠠᠷᠠᠨ ᠲᠡᠵᠢᠭᠡᠭᠴᠢ ᠶᠢᠨ ᠲᠥᠯᠥᠭᠡᠯᠡᠭᠴᠢ ᠳᠤ ᠴᠠᠭ ᠲᠤᠬᠠᠶ ᠳᠤᠨᠢ ᠮᠡᠳᠡᠭᠳᠡᠵᠦ ᠲᠤᠰᠤᠭᠤᠯᠵᠤ ᠪᠣᠯᠤᠨ᠎ᠠ᠂ ᠪᠠᠰᠠ

ᠠᠰᠠᠷᠠᠨ ᠲᠡᠵᠢᠭᠡᠬᠦ ᠬᠥᠮᠦᠨ ᠬᠥᠯᠥᠰᠥᠯᠡᠨ ᠲᠤᠰᠬᠠᠶ ᠬᠥᠮᠦᠨ ᠬᠥᠯᠥᠰᠥᠯᠡᠵᠦ ᠬᠦᠷᠢᠶᠡᠨ ᠳᠣᠲᠣᠷ᠎ᠠ ᠠᠰᠠᠷᠠᠨ

ᠰᠤᠪᠢᠯᠠᠭᠤᠯᠵᠤ ᠪᠣᠯᠤᠨ᠎ᠠ᠃ ᠠᠴᠢᠯᠠᠨ ᠲᠡᠵᠢᠭᠡᠭᠴᠢ ᠨᠢ ᠠᠴᠢᠯᠠᠨ ᠲᠡᠵᠢᠭᠡᠬᠦ ᠴᠢᠳᠠᠪᠤᠷᠢ ᠲᠠᠢ ᠪᠠᠶᠢᠲᠠᠯ᠎ᠠ ᠠᠴᠢᠯᠠᠨ

ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠶ ᠪᠣᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ

ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ᠂ ᠲᠡᠭᠦᠨ ᠢ ᠠᠯᠪᠠᠳᠠᠵᠤ ᠪᠠᠶᠢᠭᠠᠳ ᠠᠴᠢᠯᠠᠨ ᠲᠡᠵᠢᠭᠡᠬᠦ

ᠡᠭᠦᠷᠭᠡ ᠪᠠᠨ ᠭᠦᠢᠴᠡᠳᠬᠡᠬᠦ ᠬᠡᠷᠡᠭᠲᠡᠶ᠃

    ᠠᠷᠪᠠᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠳᠤ ᠰᠠᠭᠤᠵᠤ ᠪᠠᠶᠢᠭ᠎ᠠ ᠲᠠᠪᠤᠨ ᠪᠠᠲᠤᠯᠠᠭ᠎ᠠ ᠶᠢᠨ

ᠨᠠᠰᠤᠲᠠᠨ ᠨᠠᠰᠤ ᠪᠠᠷᠠᠬᠤ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠣᠭᠲᠠᠭᠠᠯ

ᠶᠣᠰᠣᠭᠠᠷ᠂ ᠲᠣᠬᠢᠲᠠᠶ ᠣᠷᠣᠰᠢᠭᠤᠯᠬᠤ ᠶᠢᠨ ᠬᠠᠮᠲᠤ ᠰᠠᠭᠤᠵᠤ ᠪᠠᠶᠢᠭ᠎ᠠ ᠭᠡᠷ ᠪᠠᠶᠢᠰᠢᠩ ᠢᠶᠠᠨ ᠵᠣᠯ ᠵᠢᠷᠭᠠᠯ ᠤᠨ

ᠬᠦᠷᠢᠶᠡᠯᠡᠩ ᠳᠤ ᠪᠤᠴᠠᠭᠠᠵᠤ ᠥᠭᠬᠦ ᠶᠢ ᠬᠠᠷᠢᠭᠤᠴᠠᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠠᠰᠠᠷᠠᠨ

ᠲᠡᠵᠢᠭᠡᠭᠴᠢ ᠪᠠᠶᠢᠬᠤ ᠨᠠᠰᠤᠲᠠᠨ ᠨᠠᠰᠤ ᠪᠠᠷᠠᠭᠰᠠᠨ ᠤ ᠳᠠᠷᠠᠭ᠎ᠠ᠂ ᠠᠰᠠᠷᠠᠨ ᠲᠡᠵᠢᠭᠡᠭᠴᠢ 15 ᠡᠳᠦᠷ ᠤᠨ ᠳᠣᠲᠣᠷ᠎ᠠ

ᠲᠡᠭᠦᠨ ᠤ ᠬᠤᠪᠢ ᠬᠥᠮᠦᠨ ᠤ ᠡᠳ᠋ ᠪᠣᠳᠠᠰ ᠢᠶᠠᠨ ᠵᠣᠯ ᠵᠢᠷᠭᠠᠯ ᠤᠨ ᠬᠦᠷᠢᠶᠡᠯᠡᠩ ᠠᠴᠠ ᠨᠡᠭᠦᠯᠭᠡᠬᠦ ᠶᠢᠨ ᠬᠠᠮᠲᠤ

ᠰᠠᠭᠤᠵᠤ ᠪᠠᠶᠢᠭ᠎ᠠ ᠭᠡᠷ ᠢᠶᠠᠨ ᠵᠣᠯ ᠵᠢᠷᠭᠠᠯ ᠤᠨ ᠬᠦᠷᠢᠶᠡᠯᠡᠩ ᠳᠤ ᠪᠤᠴᠠᠭᠠᠵᠤ ᠥᠭᠬᠦ ᠬᠡᠷᠡᠭᠲᠡᠶ᠃

    ᠭᠤᠷᠪᠠᠳᠤᠭᠠᠷ ᠪᠦᠯᠦᠭ ᠳᠣᠲᠣᠭᠠᠳᠤ ᠡᠵᠡᠩᠨᠡᠯᠲᠡ ᠪᠠ ᠰᠢᠭᠦᠬᠦ ᠬᠤᠷᠢᠶᠠᠨ ᠤ ᠶᠠᠪᠤᠳᠠᠯ ᠤᠨ ᠬᠠᠮᠢᠶᠠᠷᠤᠯᠲᠠ

    ᠠᠷᠪᠠᠨ ᠨᠢᠭᠡᠳᠦᠭᠡᠷ ᠵᠦᠢᠯ᠂ ᠵᠣᠯ ᠵᠢᠷᠭᠠᠯ ᠤᠨ ᠬᠦᠷᠢᠶᠡᠯᠡᠩ ᠬᠤᠷᠢᠶᠠᠨ ᠳᠠᠷᠤᠭ᠎ᠠ ᠶᠢᠨ ᠬᠠᠷᠢᠭᠤᠴᠠᠬᠤ

ᠳᠦᠷᠢᠮ ᠢ ᠬᠡᠷᠡᠭᠵᠢᠭᠦᠯᠦᠨ᠎ᠡ᠃ ᠬᠤᠷᠢᠶᠠᠨ ᠳᠠᠷᠤᠭ᠎ᠠ ᠡᠷᠬᠡᠪᠰᠢ ᠪᠠᠶᠢᠩᠭᠤ ᠰᠠᠭᠤᠭ᠎ᠠ ᠵᠣᠯ ᠵᠢᠷᠭᠠᠯ ᠤᠨ ᠬᠦᠷᠢᠶᠡᠯᠡᠩ

ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠢᠨ᠎ᠡ᠃

    ᠠᠷᠪᠠᠨ ᠬᠤᠶᠠᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠤᠨ ᠳᠠᠷᠤᠭ᠎ᠠ ᠶᠢ ᠰᠢᠶᠠᠩ ᠪᠠᠯᠭᠠᠰᠤᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠪ ᠭᠤᠣᠯᠴᠢ᠂ ᠠᠵᠢᠯ ᠦᠢᠯᠡᠰ ᠤᠨ ᠰᠡᠳᠬᠢᠯ ᠢᠶᠠᠷ ᠴᠢᠩᠭ᠎ᠠ᠂

ᠤᠯᠠᠨ ᠲᠦᠮᠡᠨ ᠤ ᠢᠲᠡᠭᠡᠯ ᠬᠦᠨᠳᠦ ᠪᠠᠷ ᠥᠨᠳᠥᠷ᠂ ᠶᠣᠰᠣ ᠮᠣᠷᠠᠯ ᠢᠶᠠᠷ ᠬᠦᠨᠳᠦ ᠲᠣᠰᠬᠤᠨ ᠤ ︽ᠬᠤᠶᠠᠷ ᠵᠥᠪᠯᠡᠯ

︾ ᠤᠨ ᠪᠦᠷᠢᠯᠳᠦᠬᠦᠨ ᠪᠤᠶᠤ ᠬᠠᠯᠠᠭᠤᠨ ᠰᠡᠳᠬᠢᠯ ᠢᠶᠠᠷ ᠨᠠᠰᠤᠲᠠᠳ ᠲᠤ ᠦᠢᠯᠡᠴᠢᠯᠡᠵᠦ ᠥᠩᠭᠡᠷᠡᠭᠰᠡᠨ ᠪᠥᠭᠡᠳ

ᠲᠣᠰᠬᠤᠨ ᠤ ᠺᠠᠳ᠋ᠷ ᠤᠨ ᠲᠤᠰᠢᠶᠠᠯ ᠢ ᠡᠭᠦᠷᠭᠡᠯᠡᠵᠦ ᠥᠩᠭᠡᠷᠡᠵᠡᠢ᠃ ᠵᠣᠯ ᠵᠢᠷᠭᠠᠯ ᠤᠨ ᠬᠦᠷᠢᠶᠡᠯᠡᠩ ᠤᠨ ᠳᠠᠷᠤᠭ᠎ᠠ ᠶᠢ

ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠮᠢᠯᠠᠵᠤ᠂ ᠰᠢᠶᠠᠨ ᠤ ᠱᠠᠲᠤᠨ ᠤ ᠵᠣᠬᠢᠶᠠᠨ

ᠪᠠᠶᠢᠭᠤᠯᠬᠤ ᠰᠠᠯᠠᠭ᠎ᠠ ᠮᠥᠴᠢᠷ ᠳᠠᠩᠰᠠᠯᠠᠭᠤᠯᠤᠨ᠎ᠠ᠃

    ᠬᠤᠷᠢᠶᠠᠨ ᠳᠠᠷᠤᠭ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄

    ︵ᠨᠢᠭᠡ︶ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ

ᠵᠢᠷᠤᠮᠯᠠᠨ᠎ᠠ︔ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠲᠣᠭᠲᠠᠭᠠᠯ ᠪᠠ ᠡᠯ᠎ᠡ ᠵᠦᠢᠯ ᠤᠨ ᠳᠦᠷᠢᠮ ᠢ

ᠴᠢᠩᠭ᠎ᠠ ᠬᠡᠷᠡᠭᠵᠢᠭᠦᠯᠵᠦ᠂ ᠬᠦᠷᠢᠶᠡᠨ ᠳᠣᠲᠣᠷᠠᠬᠢ ᠬᠡᠷᠡᠭ ᠶᠠᠪᠤᠳᠠᠯ ᠢ ᠲᠥᠪ ᠭᠤᠤᠯᠴᠢ᠂ ᠡᠷᠬᠡ ᠲᠡᠭᠰᠢ᠂ ᠢᠯᠡ

ᠲᠣᠳᠣ ᠰᠢᠢᠳᠪᠦᠷᠢᠯᠡᠵᠦ᠂ ᠬᠦᠷᠢᠶᠡᠨ ᠤ ᠳᠣᠲᠣᠷᠠᠬᠢ ᠨᠠᠰᠤᠲᠠᠶᠢᠴᠤᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ

ᠬᠦᠯᠢᠶᠡᠨ᠎ᠡ᠃

    ︵ᠬᠤᠶᠠᠷ︶ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ

ᠬᠠᠷᠢᠭᠤᠴᠠᠵᠤ᠂ ᠡᠮᠨᠡᠯᠭᠡ ᠶᠢᠨ ᠬᠤᠷᠢᠶᠠᠨ ᠤ ᠶᠠᠪᠤᠳᠠᠯ ᠤᠨ ᠬᠠᠮᠢᠶᠠᠷᠤᠯᠲᠠ ᠶᠢᠨ ᠭᠡᠰᠢᠭᠦᠳ ᠤᠨ ᠬᠤᠷᠠᠯ ᠢ ᠵᠣᠬᠢᠶᠠᠨ

ᠪᠠᠶᠢᠭᠤᠯᠤᠨ ᠬᠤᠷᠠᠯᠳᠤᠭᠤᠯᠬᠤ ᠶᠢ ᠬᠠᠷᠢᠭᠤᠴᠠᠵᠤ᠂ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ

ᠦᠢᠯᠡᠴᠢᠯᠡᠭᠡᠨ ᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ᠎ᠠ︔ ᠵᠣᠯ ᠵᠢᠷᠭᠠᠯ ᠤᠨ ᠬᠦᠷᠢᠶᠡᠯᠡᠩ ᠤᠨ ᠪᠦᠲᠦᠭᠡᠨ

ᠪᠠᠶᠢᠭᠤᠯᠤᠯᠲᠠ ᠶᠢᠨ ᠰᠡᠯᠪᠢᠨ ᠵᠠᠰᠠᠬᠤ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃

    ︵ᠭᠤᠷᠪᠠ︶ ᠡᠮᠨᠡᠯᠭᠡ ᠶᠢᠨ ᠬᠤᠷᠢᠶᠠᠨ ᠤ ᠳᠣᠲᠣᠷᠠᠬᠢ ᠡᠯ᠎ᠡ ᠵᠦᠢᠯ ᠤᠨ ᠲᠦᠷᠢᠮ ᠲᠣᠭᠲᠠᠭᠠᠯ ᠢ

ᠬᠡᠷᠡᠭᠵᠢᠭᠦᠯᠦᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ᠂ ᠪᠠᠶᠢᠴᠠᠭᠠᠬᠤ ᠶᠢ

ᠬᠠᠷᠢᠭᠤᠴᠠᠨ᠎ᠠ᠃ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠲᠣᠰᠬᠤᠨ ᠤ ᠨᠠᠮ ᠤᠨ ᠡᠭᠦᠷ᠂ ᠲᠣᠰᠬᠤᠨ ᠤ

ᠵᠥᠪᠯᠡᠯ ᠪᠤᠶᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠮᠡᠳᠡᠭᠦᠯᠬᠦ ᠬᠡᠷᠡᠭᠲᠡᠶ᠃

    ︵ᠲᠦᠷᠪᠡ︶ ᠬᠦᠷᠢᠶᠡᠨ ᠳᠣᠲᠣᠷᠠᠬᠢ ᠨᠠᠰᠤᠲᠠᠶᠢᠴᠤᠳ ᠤᠨ ᠠᠮᠢᠳᠤᠷᠠᠯ ᠢ ᠬᠠᠯᠠᠮᠵᠢᠯᠠᠵᠤ᠂ ᠬᠦᠷᠢᠶᠡᠨ ᠤ

ᠳᠣᠲᠣᠷᠠᠬᠢ ᠨᠠᠰᠤᠲᠠᠶᠢᠴᠤᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠦᠷᠢᠶᠡᠨ ᠤ

ᠳᠣᠲᠣᠷᠠᠬᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠭᠦᠯᠬᠦ ᠬᠡᠷᠡᠭᠲᠡᠶ᠃ ᠬᠠᠮᠢᠶᠠᠷᠤᠯᠲᠠ

ᠦᠶ᠋ᠯᠡᠴᠢᠯᠡᠭᠡᠨ ᠤ ᠬᠢᠷᠢ ᠲᠦ᠋ᠪᠰᠢᠨ ᠪᠠ ᠶᠠᠰᠤ ᠴᠢᠨ᠋ᠠᠷ ᠢ ᠳᠡᠭᠡᠭᠰᠢᠯᠡᠭᠦᠯᠦᠨ᠎ᠡ᠃

    ᠠᠷᠪᠠᠨ ᠭᠤᠷᠪᠠᠳᠤᠭᠠᠷ ᠵᠦᠢᠯ ᠬᠦᠷᠢᠶᠡᠨ ᠤ ᠳᠣᠲᠣᠷᠠᠬᠢ ᠨᠠᠰᠤᠲᠠᠨ ᠬᠦᠷᠢᠶᠡᠨ ᠤ ᠳᠣᠲᠣᠷᠠᠬᠢ ᠨᠢᠭᠡᠳᠦᠯᠲᠡᠶ

ᠬᠠᠮᠢᠶᠠᠷᠤᠯᠲᠠ ᠶᠢ ᠳᠠᠭᠠᠵᠤ᠂ ᠬᠦᠷᠢᠶᠡᠨ ᠤ ᠳᠣᠲᠣᠷᠠᠬᠢ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂

ᠨᠡᠶᠢᠲᠡ ᠶᠢᠨ ᠡᠳ᠋ ᠪᠣᠳᠠᠰ ᠢ ᠬᠠᠶᠢᠷᠠᠯᠠᠨ ᠬᠠᠮᠠᠭᠠᠯᠠᠵᠤ᠂ ᠪᠣᠯᠪᠠᠰᠤᠨ ᠶᠣᠰᠣ ᠮᠣᠷᠠᠯ ᠲᠠᠢ ᠪᠦᠯᠬᠦᠮᠳᠡᠨ

ᠬᠠᠪᠰᠤᠷᠤᠯᠴᠠᠭᠰᠠᠨ ᠪᠠᠶᠢᠬᠤ ᠬᠡᠷᠡᠭᠲᠡᠶ᠃ ᠡᠮᠨᠡᠯᠭᠡ ᠶᠢᠨ ᠬᠤᠷᠢᠶᠠᠨ ᠤ ᠳᠣᠲᠣᠷᠠᠬᠢ ᠳᠦᠷᠢᠮ ᠲᠣᠭᠲᠠᠭᠠᠯ ᠠᠴᠠ

ᠵᠥᠷᠢᠴᠡᠨ᠂ ᠮᠠᠭᠤ ᠨᠥᠯᠥᠭᠡ ᠪᠠ ᠦᠷ᠎ᠡ ᠤᠷᠰᠢᠭ ᠭᠠᠷᠭᠠᠭᠰᠠᠨ ᠪᠣᠯ ᠲᠤᠬᠠᠶᠢᠲᠠᠶ ᠬᠥᠮᠦᠨ ᠨᠢ ᠬᠠᠮᠢᠶ᠎ᠠ ᠪᠦᠬᠦᠢ

ᠬᠠᠷᠢᠭᠤᠴᠠᠯᠭ᠎ᠠ ᠶᠢ ᠡᠭᠦᠷᠭᠡᠯᠡᠵᠦ᠂ ᠡᠮᠨᠡᠯᠭᠡ ᠶᠢᠨ ᠬᠤᠷᠢᠶᠠᠨ ᠤ ᠲᠠᠯ᠎ᠠ ᠠᠴᠠ ᠰᠢᠭᠦᠮᠵᠢᠯᠡᠨ ᠰᠤᠷᠭᠠᠬᠤ ᠪᠠᠨ

ᠴᠢᠩᠭᠠᠳᠬᠠᠬᠤ ᠬᠡᠷᠡᠭᠲᠡᠶ᠃ ᠰᠢᠭᠦᠮᠵᠢᠯᠡᠨ ᠰᠤᠷᠭᠠᠭᠠᠳ ᠮᠥᠨ ᠬᠦᠷᠢᠶᠡᠨ ᠳᠣᠲᠣᠷ᠎ᠠ ᠠᠮᠢᠳᠤᠷᠠᠵᠤ ᠳᠡᠶᠢᠯᠬᠦ ᠦᠭᠡᠶ

ᠪᠣᠯ ᠵᠠᠷᠯᠢᠭᠳᠠᠵᠤ ᠪᠠᠶᠢᠭᠠᠳ ᠵᠣᠯ ᠵᠢᠷᠭᠠᠯ ᠤᠨ ᠬᠦᠷᠢᠶᠡᠯᠡᠩ ᠠᠴᠠ ᠨᠡᠭᠦᠯᠭᠡᠬᠦ ᠬᠡᠷᠡᠭᠲᠡᠶ᠃

  ᠠᠷᠪᠠᠨ ᠳᠥᠷᠪᠡᠳᠦᠭᠡᠷ ᠵᠦᠢᠯ᠂ ᠵᠣᠯ ᠵᠢᠷᠭᠠᠯ ᠤᠨ ᠬᠦᠷᠢᠶᠡᠯᠡᠩ ᠳᠤ ᠡᠮᠨᠡᠯᠭᠡ ᠶᠢᠨ ᠶᠠᠪᠤᠳᠠᠯ ᠤᠨ

ᠬᠠᠮᠢᠶᠠᠷᠤᠯᠲᠠ ᠶᠢᠨ ᠺᠣᠮᠢᠰ ︵ᠳᠣᠷᠣᠭᠰᠢ ᠡᠮᠨᠡᠯᠭᠡ ᠶᠢᠨ ᠬᠤᠷᠢᠶᠠᠨ ᠤ ᠵᠥᠪᠯᠡᠯ ᠭᠡᠵᠦ ᠲᠣᠪᠴᠢᠯᠠᠨ᠎ᠠ︶ ᠪᠠᠶᠢᠭᠤᠯᠤᠨ᠂

ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠢ

ᠥᠷᠨᠢᠭᠦᠯᠬᠦ ᠬᠡᠷᠡᠭᠲᠡᠶ᠃ ᠡᠮᠨᠡᠯᠭᠡ ᠶᠢᠨ ᠬᠤᠷᠢᠶᠠᠨ ᠤ ᠡᠷᠭᠢᠯᠡᠭᠴᠢ ᠶᠢ ᠬᠤᠷᠢᠶᠠᠨ ᠳᠠᠷᠤᠭ᠎ᠠ ᠬᠠᠷᠢᠭᠤᠴᠠᠵᠤ᠂

ᠪᠦᠷᠢᠯᠳᠦᠬᠦᠨ ᠨᠢ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠤᠨ ᠳᠣᠲᠣᠷ᠎ᠠ ᠠᠴᠠ ᠰᠣᠩᠭᠤᠨ

ᠭᠠᠷᠭᠠᠨ᠎ᠠ᠃

    ᠡᠮᠨᠡᠯᠭᠡ ᠶᠢᠨ ᠬᠤᠷᠢᠶᠠᠨ ᠤ ᠵᠥᠪᠯᠡᠯ ᠨᠢ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠡᠯ᠎ᠡ ᠲᠥᠷᠥᠯ ᠤᠨ

ᠠᠵᠢᠯ ᠤᠨ ᠬᠤᠪᠢᠶᠠᠷᠢᠯᠠᠯ ᠤᠨ ᠳᠤᠭᠤᠶᠢᠯᠠᠩ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠣᠷᠴᠢᠨ

ᠲᠣᠭᠤᠷᠢᠨ ᠤ ᠬᠠᠮᠠᠭᠠᠯᠠᠯᠲᠠ᠂ ᠪᠡᠯᠡᠳᠬᠡᠮᠵᠢ ᠶᠢ ᠰᠡᠯᠪᠢᠨ ᠵᠠᠰᠠᠬᠤ᠂ ᠠᠵᠢᠯᠯᠠᠭᠠᠨ ᠤ ᠵᠣᠬᠢᠶᠠᠨ ᠪᠠᠶᠢᠭᠤᠯᠤᠯᠲᠠ᠂

ᠠᠮᠤᠷ ᠲᠦᠪᠰᠢᠨ ᠤ ᠬᠠᠮᠠᠭᠠᠯᠠᠯᠲᠠ᠂ ᠦᠢᠯᠡᠳᠪᠦᠷᠢᠯᠡᠯ ᠡᠵᠡᠩᠨᠡᠯᠲᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ

ᠲᠤᠰᠠᠯᠠᠬᠤ ᠵᠡᠷᠭᠡ ᠠᠵᠢᠯ ᠢ ᠬᠠᠷᠢᠭᠤᠴᠠᠵᠤ ᠪᠣᠯᠤᠨ᠎ᠠ᠃ ᠬᠠᠪᠰᠤᠷᠤᠯᠴᠠᠬᠤ ᠳᠤᠭᠤᠶᠢᠯᠠᠩ ᠤᠨ ᠳᠠᠷᠤᠭ᠎ᠠ ᠶᠢ

ᠠᠵᠢᠯᠯᠠᠬᠤ ᠨᠥᠬᠦᠴᠡᠯ ᠳᠤ ᠨᠡᠶᠢᠴᠡᠭᠰᠡᠨ ᠡᠮᠨᠡᠯᠭᠡ ᠶᠢᠨ ᠬᠤᠷᠢᠶᠠᠨ ᠳᠤ ᠪᠠᠶᠢᠭ᠎ᠠ ᠨᠠᠰᠤᠲᠠᠶᠢᠴᠤᠳ ᠢ ᠰᠣᠩᠭᠤᠨ

ᠭᠠᠷᠭᠠᠨ᠎ᠠ᠃

    ᠠᠷᠪᠠᠨ ᠲᠠᠪᠤᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠤᠳ ᠠᠵᠢᠯᠯᠠᠭᠠᠨ ᠤ ᠬᠠᠮᠢᠶᠠᠷᠤᠯᠲᠠ ᠶᠢᠨ

ᠳᠦᠷᠢᠮ ᠢ ᠪᠠᠶᠢᠭᠤᠯᠵᠤ᠂ ᠠᠵᠢᠯᠲᠠᠨ ᠤ ᠬᠠᠮᠢᠶᠠᠷᠤᠯᠲᠠ ᠶᠢᠨ ᠳᠦᠷᠢᠮ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ

ᠳᠦᠷᠢᠮ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ

ᠳᠦᠷᠢᠮ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠦᠷᠢᠮ᠂ ᠠᠶᠤᠯ ᠦᠭᠡᠶ ᠶᠢᠨ ᠬᠠᠮᠢᠶᠠᠷᠤᠯᠲᠠ ᠶᠢᠨ

ᠳᠦᠷᠢᠮ᠂ ᠢᠳᠡᠭᠡᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ᠂ ᠪᠡᠯᠡᠳᠬᠡᠮᠵᠢ ᠲᠥᠬᠦᠭᠡᠷᠦᠮᠵᠢ ᠶᠢᠨ

ᠬᠡᠷᠡᠭᠯᠡᠯᠲᠡ ᠬᠠᠮᠢᠶᠠᠷᠤᠯᠲᠠ ᠶᠢᠨ ᠳᠦᠷᠢᠮ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃

    ᠠᠷᠪᠠᠨ ᠵᠢᠷᠭᠤᠳᠤᠭᠠᠷ ᠵᠦᠢᠯ᠂ ᠵᠢᠷᠭᠠᠯᠠᠩᠲᠤ ᠬᠦᠷᠢᠶᠡᠯᠡᠩ ᠨᠢ ᠪᠣᠳᠠᠲᠤ ᠪᠠᠶᠢᠳᠠᠯ ᠪᠣᠯᠤᠨ ᠪᠣᠳᠠᠲᠤ

ᠬᠡᠷᠡᠭᠴᠡᠭᠡ ᠪᠠᠨ ᠦᠨᠳᠦᠰᠦᠯᠡᠨ ᠡᠮᠴᠢᠯᠡᠭᠡ᠂ ᠭᠠᠯ ᠤᠨᠲᠠᠷᠠᠭᠠᠬᠤ᠂ ᠬᠤᠭᠤᠯᠠ ᠤᠮᠳᠠᠭᠠᠨ᠂ ᠬᠠᠷᠠᠭᠠᠯᠵᠠᠨ ᠠᠰᠠᠷᠠᠬᠤ

ᠵᠡᠷᠭᠡ ᠲᠤᠰᠬᠠᠶ ᠲᠤᠰᠢᠶᠠᠯᠲᠤ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯᠲᠠᠨ ᠢ ᠲᠣᠬᠢᠷᠠᠭᠤᠯᠵᠤ ᠪᠣᠯᠤᠨ᠎ᠠ᠃

ᠨᠠᠰᠣᠵᠢᠯ ᠤᠨ ᠪᠠᠶᠢᠭᠤᠯᠥᠮᠵᠢ ᠪᠤᠶᠤ ᠪᠤᠰᠣᠳ ᠲᠣᠰᠬᠠᠢ ᠪᠠᠶᠢᠭᠤᠯᠥᠮᠵᠢ ᠳᠤ ᠨᠡᠢᠳᠡᠨ ᠦᠢᠯᠡᠴᠢᠯᠡᠭᠡᠨ ᠤ

ᠠᠵᠢᠯᠳᠡᠨ ᠳᠤ ᠮᠡᠷᠭᠡᠵᠢᠯ ᠴᠢᠳᠡᠪᠦᠷᠢ ᠶᠢᠨ ᠪᠤᠯᠪᠠᠰᠣᠷᠡᠭᠤᠯᠥᠯ ᠬᠢᠵᠦ ᠪᠤᠯᠥᠨ᠎ᠠ᠃ ᠵᠠᠰᠠᠭ ᠤᠨ ᠣᠷᠳᠣᠨ ᠦᠢᠯᠡᠴᠢᠯᠡᠭᠡ

ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠯ ᠵᠢᠷᠭᠠᠯ ᠤᠨ ᠬᠦᠷᠢᠶᠡᠯᠡᠩ ᠳᠤ ᠬᠡᠷᠡᠭᠰᠡᠬᠦ ᠦᠢᠯᠡᠴᠢᠯᠡᠭᠡ

ᠬᠠᠩᠭᠠᠬᠤ ᠶᠢ ᠵᠣᠷᠢᠭᠵᠢᠭᠤᠯᠤᠨ᠎ᠠ᠃

    ᠠᠷᠪᠠᠨ ᠳᠣᠯᠣᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠰᠠᠶᠢᠨ ᠳᠤᠷ᠎ᠠ ᠶᠢᠨ ᠦᠢᠯᠡᠴᠢᠯᠡᠭᠡᠨ ᠤ

ᠲᠣᠭᠲᠠᠴᠠ ᠶᠢ ᠪᠠᠶᠢᠭᠤᠯᠵᠤ᠂ ᠲᠣᠰ ᠲᠣᠰᠬᠤᠨ ᠤ ᠨᠠᠰᠤᠲᠠᠶᠢᠴᠤᠳ ᠪᠤᠶᠤ ᠨᠡᠶᠢᠭᠡᠮ ᠤᠨ ᠰᠠᠶᠢᠨ ᠳᠤᠷᠠᠴᠤᠳ ᠤᠨ

ᠵᠣᠯ ᠵᠢᠷᠭᠠᠯ ᠤᠨ ᠬᠦᠷᠢᠶᠡᠯᠡᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠶᠢ

ᠵᠣᠷᠢᠭᠵᠢᠭᠤᠯᠤᠨ᠎ᠠ᠃ ᠭᠠᠵᠡᠷ ᠣᠷᠣᠨ ᠤ ᠪᠠᠢᠳᠡᠯ ᠳᠤᠨᠢ ᠲᠣᠬᠢᠷᠡᠭᠤᠯᠥᠨ ᠬᠠᠷᠢᠯᠴᠠᠨ ᠬᠠᠪᠰᠣᠷᠣᠯᠴᠠᠬᠤ ᠨᠠᠰᠣᠵᠢᠯ ᠤᠨ

ᠬᠤᠪᠢ ᠬᠤᠷᠠᠮᠳᠤᠭᠤᠯᠬᠤ ᠳᠥᠷᠢᠮ ᠤᠨ ᠬᠠᠮᠢᠶᠡᠷᠦᠯᠳᠡ ᠶᠢᠨ ᠵᠬᠠᠪᠤᠷ ᠢ ᠰᠦᠪᠡᠭᠴᠢᠯᠡᠨ ᠲᠣᠠᠠᠳᠠᠭᠠᠨ᠎ᠠ᠃

    ᠠᠷᠪᠠᠨ ᠨᠠᠢᠮᠠᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠨᠢ ᠬᠦᠷᠢᠶ᠎ᠡ ᠬᠠᠰᠢᠶ᠎ᠠ ᠶᠢᠨ ᠢᠯᠡ ᠪᠠᠶᠢᠷᠢᠨ ᠳᠤ

ᠰᠠᠨᠠᠯ ᠤᠨ ᠬᠠᠶᠢᠷᠴᠠᠭ ᠭᠠᠷᠭᠠᠬᠤ ᠬᠡᠷᠡᠭᠲᠡᠢ᠃ ᠣᠯᠠᠨ ᠵᠦᠢᠯ ᠤᠨ ᠬᠡᠯᠪᠡᠷᠢ ᠪᠠᠷ ᠬᠠᠨᠤᠮᠵᠢ ᠶᠢᠨ ᠬᠡᠮᠵᠢᠶ᠎ᠡ ᠶᠢᠨ

ᠪᠠᠶᠢᠴᠠᠭᠠᠯᠲᠠ ᠬᠢᠬᠦ ᠶᠢ ᠵᠣᠷᠢᠭᠵᠢᠭᠤᠯᠵᠤ᠂ ᠪᠠᠶᠢᠳᠠᠯ ᠢᠶᠠᠨ ᠦᠨᠳᠦᠰᠦᠯᠡᠨ ᠶᠠᠷᠢᠯᠴᠠᠬᠤ ᠬᠤᠷᠠᠯ ᠬᠤᠷᠠᠯᠳᠤᠭᠤᠯᠵᠤ᠂

ᠨᠠᠰᠤᠲᠠᠶᠢᠴᠤᠳ ᠪᠣᠯᠤᠨ ᠲᠣᠰᠬᠤᠨ ᠤ ᠠᠷᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃

    ᠳᠥᠷᠪᠡᠳᠦᠭᠡᠷ ᠪᠦᠯᠦᠭ ᠵᠠᠷᠤᠳᠠᠯ ᠤᠨ ᠪᠠᠲᠤᠯᠠᠭ᠎ᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ

    ᠠᠷᠪᠠ ᠶᠢᠰᠦᠳᠦᠭᠡᠷ ᠵᠦᠢᠯ᠂ ᠵᠢᠷᠭᠠᠯᠠᠩᠲᠤ ᠬᠦᠷᠢᠶᠡᠯᠡᠩ ᠤᠨ ᠠᠵᠢᠯᠯᠠᠭᠠᠨ ᠤ ᠪᠠᠲᠤᠯᠠᠭ᠎ᠠ ᠨᠢ ᠥᠪᠡᠷ ᠢ ᠪᠠᠨ

ᠪᠠᠲᠤᠯᠠᠬᠤ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠠᠲᠤᠯᠠᠭ᠎ᠠ ᠪᠠᠷ ᠭᠤᠤᠯ ᠪᠣᠯᠭᠠᠵᠤ᠂ ᠨᠡᠶᠢᠭᠡᠮ ᠤᠨ

ᠠᠪᠤᠷᠠᠨ ᠲᠤᠰᠠᠯᠠᠯᠲᠠ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠮᠥᠩᠭᠦ ᠲᠠᠢ ᠤᠶᠠᠯᠳᠤᠭᠤᠯᠤᠨ᠎ᠠ᠃

ᠬᠠᠮᠲᠤ ᠶᠢᠨ ᠠᠵᠤ ᠠᠬᠤᠶ ᠪᠠ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠪᠠᠷ ᠳᠠᠮᠵᠢᠭᠤᠯᠤᠨ

ᠥᠪᠡᠷ ᠢ ᠪᠠᠨ ᠪᠠᠲᠤᠯᠠᠬᠤ ᠪᠠ ᠲᠣᠰ ᠪᠡᠶ᠎ᠡ ᠶᠢᠨ ᠴᠢᠰᠤ ᠪᠦᠲᠦᠭᠡᠬᠦ ᠴᠢᠳᠠᠮᠵᠢ ᠶᠢ ᠴᠢᠩᠭᠠᠳᠬᠠᠬᠤ ᠶᠢ

ᠵᠣᠷᠢᠭᠵᠢᠭᠤᠯᠤᠨ᠎ᠠ᠃

    ᠬᠤᠷᠢᠳᠤᠭᠠᠷ ᠵᠦᠢᠯ᠂ ᠵᠢᠷᠭᠠᠯᠠᠩᠲᠤ ᠬᠦᠷᠢᠶᠡᠯᠡᠩ ᠳᠤ ᠣᠷᠣᠵᠤ ᠰᠠᠭᠤᠭᠰᠠᠨ ᠨᠠᠰᠤᠲᠠᠶᠢᠴᠤᠳ ᠤᠨ ᠡᠳᠦᠷ

ᠲᠤᠲᠤᠮ ᠤᠨ ᠠᠮᠢᠳᠤᠷᠠᠯ ᠤᠨ ᠵᠠᠷᠤᠳᠠᠯ᠂ ᠤᠰᠤ᠂ ᠴᠠᠬᠢᠯᠭᠠᠨ᠂ ᠳᠤᠯᠠᠭᠠᠯᠠᠯᠭ᠎ᠠ᠂ ᠴᠢᠮᠡᠭᠡ ᠨᠡᠪᠲᠡᠷᠡᠯᠭᠡ ᠵᠡᠷᠭᠡ ᠶᠢ

ᠲᠤᠰ ᠬᠥᠮᠦᠨ ᠪᠤᠶᠤ ᠲᠡᠭᠦᠨ ᠤ ᠠᠰᠠᠷᠠᠨ ᠲᠡᠵᠢᠭᠡᠵᠦ ᠪᠠᠶᠢᠭ᠎ᠠ ᠬᠥᠮᠦᠨ ᠡᠭᠦᠷᠭᠡᠯᠡᠬᠦ ᠬᠡᠷᠡᠭᠲᠡᠶ᠃ ᠨᠡᠶᠢᠭᠡᠮ ᠤᠨ ᠡᠯ᠎ᠡ

ᠡᠲᠡᠭᠡᠳ ᠤᠨ ᠬᠥᠮᠦᠰ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠪᠠ ᠬᠠᠨᠳᠤᠯᠭ᠎ᠠ ᠲᠠᠢ ᠪᠠᠷ ᠲᠤᠰᠠᠯᠠᠨ

ᠬᠦᠷᠭᠡᠬᠦ ᠶᠢ ᠵᠣᠷᠢᠭᠵᠢᠭᠤᠯᠬᠤ ᠬᠡᠷᠡᠭᠲᠡᠶ᠃

    ᠬᠤᠷᠢᠨ ᠨᠢᠭᠡᠳᠦᠭᠡᠷ ᠵᠦᠢᠯ᠂ ᠵᠣᠯ ᠵᠢᠷᠭᠠᠯ ᠤᠨ ᠬᠦᠷᠢᠶᠡᠯᠡᠩ ᠤᠨ ᠭᠠᠵᠠᠷ ᠰᠢᠷᠣᠶ᠂ ᠭᠡᠷ ᠪᠠᠶᠢᠰᠢᠩ᠂ ᠢᠵᠢ

ᠪᠦᠷᠢᠳᠦᠭᠦᠯᠬᠦ ᠪᠡᠯᠡᠳᠬᠡᠮᠵᠢ ᠵᠡᠷᠭᠡ ᠶᠢ ᠵᠠᠰᠠᠭ ᠤᠨ ᠣᠷᠳᠣᠨ ᠠᠴᠠ ᠪᠡᠯᠡ ᠭᠠᠷᠭᠠᠵᠤ ᠪᠦᠲᠦᠭᠡᠨ ᠪᠠᠶᠢᠭᠤᠯᠤᠭᠰᠠᠨ

ᠪᠤᠶᠤ ᠬᠤᠳᠠᠯᠳᠤᠨ ᠠᠪᠤᠭᠰᠠᠨ ᠪᠣᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ

ᠣᠷᠣᠭᠤᠯᠵᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠡᠵᠡᠯᠡᠵᠦ ᠪᠣᠯᠬᠤ ᠦᠭᠡᠶ᠃

    ᠬᠤᠷᠢᠨ ᠬᠤᠶᠠᠳᠤᠭᠠᠷ ᠵᠦᠢᠯ᠂ ᠵᠢᠷᠭᠠᠯᠠᠩ ᠤᠨ ᠬᠦᠷᠢᠶᠡᠯᠡᠩ ᠤᠨ ᠠᠯᠢᠪᠠ ᠠᠯᠪᠠᠨ ᠪᠣᠳᠠᠰ ᠢ ᠬᠦᠷᠢᠶᠡᠯᠡᠩ ᠤᠨ

ᠲᠠᠯ᠎ᠠ ᠠᠴᠠ ᠨᠢᠭᠡᠳᠦᠯᠲᠡᠶ ᠲᠣᠬᠢᠷᠠᠭᠤᠯᠤᠨ᠂ ᠪᠦᠷᠢᠳᠬᠡᠨ ᠳᠡᠪᠲᠡᠷᠯᠡᠵᠦ᠂ ᠨᠢᠭᠡᠳᠦᠯᠲᠡᠶ ᠲᠣᠬᠢᠷᠠᠭᠤᠯᠤᠨ ᠲᠠᠷᠬᠠᠭᠠᠨ᠎ᠠ᠃

ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠨ ᠤᠬᠠᠮᠰᠠᠷ ᠠᠴᠠ ᠪᠠᠨ ᠨᠡᠶᠢᠲᠡ ᠶᠢᠨ ᠪᠣᠳᠠᠰ ᠢ ᠬᠠᠶᠢᠷᠠᠯᠠᠨ

ᠬᠠᠮᠠᠭᠠᠯᠠᠵᠤ᠂ ᠵᠣᠷᠢᠭᠤᠳᠠ ᠡᠪᠳᠡᠭᠰᠡᠨ᠂ ᠳᠤᠷ᠎ᠠ ᠪᠠᠷ ᠢᠶᠠᠨ ᠬᠤᠳᠠᠯᠳᠤᠭᠰᠠᠨ᠂ ᠬᠤᠪᠢᠷᠠᠭᠤᠯᠤᠨ ᠬᠤᠳᠠᠯᠳᠤᠭᠰᠠᠨ᠂

ᠨᠡᠭᠦᠯᠭᠡᠨ ᠬᠡᠷᠡᠭᠯᠡᠭᠰᠡᠨ ᠪᠠᠶᠢᠪᠠᠯ᠂ ᠦᠨ᠎ᠡ ᠪᠠᠷ ᠲᠦᠯᠦᠬᠦ ᠶᠢᠨ ᠬᠠᠮᠲᠤ ᠰᠢᠭᠦᠮᠵᠢᠯᠡᠨ ᠰᠤᠷᠭᠠᠬᠤ ᠶᠢ ᠬᠦᠯᠢᠶᠡᠵᠦ᠂

ᠦᠢᠯᠡ ᠪᠠᠶᠢᠳᠠᠯ ᠨᠢ ᠬᠦᠨᠳᠦ ᠨᠣᠴᠢᠲᠠᠢ ᠲᠡᠭᠦᠨ ᠢ ᠵᠠᠷᠯᠢᠭᠳᠠᠵᠤ ᠪᠠᠶᠢᠭᠠᠳ ᠵᠣᠯ ᠵᠢᠷᠭᠠᠯ ᠤᠨ ᠬᠦᠷᠢᠶᠡᠯᠡᠩ ᠠᠴᠠ

ᠨᠡᠭᠦᠯᠭᠡᠬᠦ ᠶᠢᠨ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

    ᠬᠤᠷᠢᠨ ᠭᠤᠷᠪᠠᠳᠤᠭᠠᠷ ᠵᠦᠢᠯ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠠᠪᠰᠤᠷᠤᠨ ᠲᠡᠳᠬᠦᠬᠦ ᠪᠠ

ᠪᠡᠯᠡᠭᠯᠡᠨ ᠬᠦᠷᠭᠡᠬᠦ ᠶᠢ ᠵᠣᠷᠢᠭᠵᠢᠭᠤᠯᠬᠤ ᠬᠡᠷᠡᠭᠲᠡᠶ᠃ ᠳᠡᠭᠡᠳᠦ ᠱᠠᠲᠤᠨ ᠤ ᠠᠪᠤᠷᠠᠨ ᠲᠤᠰᠠᠯᠠᠭᠰᠠᠨ᠂ ᠲᠣᠭᠲᠠᠭᠰᠠᠨ

ᠴᠢᠭᠯᠡᠯ ᠦᠭᠡᠢ ᠨᠡᠶᠢᠭᠡᠮ ᠳᠤ ᠪᠡᠯᠡᠭᠯᠡᠨ ᠬᠦᠷᠭᠡᠭᠰᠡᠨ ᠪᠠ ᠲᠣᠭᠲᠠᠭᠰᠠᠨ ᠴᠢᠭᠯᠡᠯ ᠦᠭᠡᠢ ᠨᠢᠭᠦᠯᠡᠰᠦᠩᠭᠦᠶ ᠶᠢᠨ

ᠬᠠᠨᠳᠢᠪᠯᠠᠬᠤ ᠪᠣᠳᠠᠰ ᠢ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠲᠤ ᠡᠷᠬᠡ ᠲᠡᠭᠰᠢ᠂ ᠢᠯᠡ᠂

ᠲᠥᠪ ᠭᠤᠣᠯᠴᠢ ᠪᠠᠷ ᠣᠯᠭᠤᠨ᠎ᠠ᠃ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠪᠡᠯᠡᠭᠯᠡᠨ ᠬᠦᠷᠭᠡᠭᠰᠡᠨ ᠡᠳ᠋

ᠪᠣᠳᠠᠰ ᠢ ᠲᠤᠰᠠᠯᠠᠨ ᠬᠦᠷᠭᠡᠭᠴᠢ ᠶᠢᠨ ᠬᠦᠰᠡᠯ ᠰᠠᠨᠠᠯ ᠤᠨ ᠶᠣᠰᠣᠭᠠᠷ ᠵᠢᠭᠠᠨ ᠲᠣᠭᠲᠠᠭᠠᠭᠰᠠᠨ ᠡᠲᠡᠭᠡᠳ ᠲᠤ

ᠣᠯᠭᠤᠬᠤ ᠬᠡᠷᠡᠭᠲᠡᠶ᠃

  ᠬᠤᠷᠢᠨ ᠳᠥᠷᠪᠡᠳᠦᠭᠡᠷ ᠵᠦᠢᠯ ᠬᠦᠷᠢᠶᠡᠯᠡᠩ ᠠᠴᠠ ᠣᠷᠣᠯᠠᠨ ᠥᠭᠭᠦᠭᠰᠡᠨ ᠵᠣᠭᠤᠰ ᠪᠠ ᠡᠳ᠋ ᠪᠠᠷᠠᠭ᠎ᠠ ᠶᠢᠨ

ᠡᠮᠨᠡᠯᠭᠡ ᠶᠢᠨ ᠬᠤᠷᠢᠶᠠᠨ ᠤ ᠲᠠᠯ᠎ᠠ ᠠᠴᠠ ᠬᠠᠮᠢᠶ᠎ᠠ ᠪᠦᠬᠦᠢ ᠳᠠᠩᠰᠠ ᠬᠠᠷ᠎ᠠ ᠶᠢ ᠪᠠᠶᠢᠭᠤᠯᠤᠨ ᠪᠦᠷᠢᠨᠰᠢᠭᠦᠯᠬᠦ ᠶᠢᠨ

ᠬᠠᠮᠲᠤ ᠲᠣᠬᠢᠲᠠᠶ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃

    ᠬᠤᠷᠢᠨ ᠲᠠᠪᠤᠳᠤᠭᠠᠷ ᠵᠦᠢᠯ᠂ ᠵᠣᠯ ᠵᠢᠷᠭᠠᠯ ᠤᠨ ᠬᠦᠷᠢᠶᠡᠯᠡᠩ ᠤᠨ ᠡᠳ᠋ ᠤᠨ ᠶᠠᠪᠤᠳᠠᠯ ᠢ ᠰᠢᠶᠠᠩ

ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠤᠨ᠎ᠠ᠃

    ᠵᠣᠯ ᠵᠢᠷᠭᠠᠯ ᠤᠨ ᠬᠦᠷᠢᠶᠡᠯᠡᠩ ᠢ ᠶᠡᠭᠡ ᠬᠡᠪᠴᠢᠶ᠎ᠡ ᠪᠠᠷ ᠥᠭᠡᠷᠡᠴᠢᠯᠡᠬᠦ ᠪᠠ ᠰᠡᠯᠪᠢᠨ ᠵᠠᠰᠠᠬᠤ ᠳᠤ ︽ᠨᠢᠭᠡ

ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ

ᠣᠷᠳᠣᠨ ᠠᠴᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠥᠭᠡᠷᠡᠴᠢᠯᠡᠬᠦ᠂ ᠰᠡᠯᠪᠢᠨ ᠵᠠᠰᠠᠬᠤ

ᠲᠥᠯᠥᠪᠯᠡᠭᠡ ᠪᠠ ᠪᠡᠯᠡ ᠮᠥᠩᠭᠦ ᠶᠢᠨ ᠲᠥᠰᠦᠪ ᠬᠢᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ

ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ᠂ ᠬᠠᠮᠢᠶ᠎ᠠ ᠪᠦᠬᠦᠢ ᠰᠢᠶᠠᠩ

ᠪᠠᠯᠭᠠᠰᠤ ᠠᠴᠠ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ ᠬᠤᠯᠪᠣᠭᠳᠠᠯ ᠪᠦᠬᠦᠢ

ᠱᠠᠭᠠᠷᠳᠠᠯᠭ᠎ᠠ ᠶᠣᠰᠣᠭᠠᠷ᠂ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠠᠰᠢᠭᠯᠠᠨ ᠥᠭᠡᠷᠡᠴᠢᠯᠡᠨ ᠰᠡᠯᠪᠢᠨ ᠵᠠᠰᠠᠨ᠎ᠠ

᠃ ᠵᠢᠷᠭᠠᠯᠠᠩᠲᠤ ᠬᠦᠷᠢᠶᠡᠯᠡᠩ ᠢ ᠥᠭᠡᠷᠡᠴᠢᠯᠡᠬᠦ ᠪᠠ ᠰᠡᠯᠪᠢᠨ ᠵᠠᠰᠠᠬᠤ ᠨᠢ ᠪᠠᠰᠠ ᠲᠠᠷᠢᠶᠠᠯᠠᠩ ᠳᠤ ᠬᠤᠯᠪᠣᠭᠳᠠᠬᠤ

ᠰᠠᠯᠠᠭ᠎ᠠ ᠮᠥᠴᠢᠷ ᠢᠶᠠᠷ ᠳᠠᠮᠵᠢᠭᠤᠯᠤᠨ ᠲᠥᠷᠥᠯ ᠵᠦᠢᠯ ᠢ ᠲᠣᠬᠢᠷᠠᠭᠤᠯᠤᠨ 

ᠰᠢᠢᠳᠪᠦᠷᠢᠯᠡᠵᠤ ᠪᠣᠯᠤᠨ᠎ᠠ᠃

    ᠬᠤᠷᠢᠨ ᠵᠢᠷᠭᠤᠳᠤᠭᠠᠷ ᠵᠦᠢᠯ᠂ ᠨᠡᠶᠢᠭᠡᠮ ᠤᠨ ᠪᠠᠲᠤᠯᠠᠭ᠎ᠠ ᠪᠣᠯᠤᠨ ᠨᠡᠶᠢᠭᠡᠮ ᠤᠨ ᠠᠪᠤᠷᠠᠨ ᠲᠤᠰᠠᠯᠠᠬᠤ

ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠪᠣᠯᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ

ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ᠂ ᠪᠡᠯᠡᠨ ᠮᠥᠩᠭᠦ ᠳᠤ ᠰᠢᠭᠤᠳ

ᠨᠥᠬᠦᠪᠥᠷᠢ ᠥᠭᠬᠦ ᠵᠡᠷᠭᠡ ᠠᠮᠢᠳᠤᠷᠠᠯ ᠤᠨ ᠨᠥᠬᠦᠪᠥᠷᠢ ᠶᠢ ᠴᠠᠭ ᠲᠤᠬᠠᠶ ᠳᠤᠨᠢ ᠣᠯᠭᠤᠬᠤ ᠬᠡᠷᠡᠭᠲᠡᠶ᠃ ᠡᠯ᠎ᠡ

ᠲᠥᠷᠥᠯ ᠤᠨ ᠠᠮᠢᠳᠤᠷᠠᠯ ᠤᠨ ᠨᠥᠬᠦᠪᠥᠷᠢ ᠶᠢ ᠠᠪᠤᠭᠰᠠᠨ ᠤ ᠳᠠᠷᠠᠭ᠎ᠠ ᠮᠥᠨᠬᠦ ᠠᠮᠢᠳᠤᠷᠠᠯ ᠨᠢ ᠬᠦᠴᠢᠷᠳᠡᠯᠲᠡᠶ ᠪᠠᠶᠢᠪᠠᠯ᠂

ᠲᠦᠷ ᠴᠠᠭ ᠠᠪᠤᠷᠠᠨ ᠲᠤᠰᠠᠯᠠᠬᠤ ᠬᠡᠷᠡᠭᠲᠡᠶ᠃

    ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ

    ᠬᠤᠷᠢᠨ ᠳᠣᠯᠣᠳᠤᠭᠠᠷ ᠵᠦᠢᠯ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ 

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2