ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠳᠥᠷᠪᠡᠨ ᠵᠦᠶ᠋ᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/1/3

     ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ

︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠲᠣᠭᠲᠠᠭᠤᠨ ᠪᠠᠶᠢᠳᠠᠯ ᠢ

ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠳᠥᠷᠪᠡᠨ ᠵᠦᠢᠯ ᠤᠨ ᠠᠷᠭ᠎ᠠ ᠬᠡᠮᠵᠢᠶ᠎ᠡ ᠶᠢ ᠠᠬᠢᠭᠤᠯᠤᠨ

ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯ ᠢ ᠬᠢᠨᠠᠮᠠᠭᠠᠶ ᠰᠠᠶᠢᠲᠤᠷ ᠬᠢᠬᠦ ᠶᠢ

ᠠᠬᠢᠭᠤᠯᠪᠠ᠃

    ᠨᠢᠭᠡ ᠳᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ

ᠣᠯᠠᠨ ᠤ ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ

ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠪᠠ ᠠᠰᠠᠭᠤᠳᠠᠯ ᠢ ᠬᠠᠤᠯᠢ

ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠪᠠ ᠬᠥᠲᠥᠯᠥᠨ ᠵᠢᠯᠣᠭᠤᠳᠴᠤ ᠰᠤᠷᠭᠠᠨ

ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠡᠯ᠎ᠡ ᠵᠦᠢᠯ ᠤᠨ ᠵᠥᠷᠴᠡᠯ ᠪᠠ ᠲᠣᠭᠲᠠᠭᠤᠨ

ᠪᠤᠰᠤ ᠬᠦᠴᠦᠨ ᠵᠦᠢᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ ᠬᠡᠷᠡᠭᠲᠡᠢ᠃

    ᠬᠤᠶᠠᠷ ᠲᠤ᠂ ᠵᠠᠬᠢᠳᠠᠯ ᠰᠤᠷᠪᠤᠯᠵᠢᠯᠠᠭ᠎ᠠ ᠶᠢᠨ ᠳᠣᠪᠤᠶᠢᠮ᠎ᠠ ᠠᠰᠠᠭᠤᠳᠠᠯ᠂ ᠣᠯᠠᠨ ᠲᠦᠮᠡᠨᠴᠢ ᠴᠢᠨᠠᠷᠲᠠᠶ ᠬᠡᠷᠡᠭ ᠤᠨ

ᠳᠠᠯᠳᠠ ᠭᠡᠮ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ

ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ

ᠵᠥᠷᠢᠴᠡᠯ ᠵᠢᠭᠤᠷᠠᠯᠳᠤᠭᠠᠨ ᠢ ᠦᠨᠡᠨᠬᠦ ᠲᠤᠬᠠᠶ ᠶᠢᠨ ᠭᠠᠵᠠᠷ ᠲᠤᠨᠢ ᠠᠷᠢᠯᠭᠠᠵᠤ᠂ ᠦᠨᠳᠦᠰᠦᠨ ᠱᠠᠲᠤᠨ ᠳᠤ ᠠᠷᠢᠯᠭᠠᠵᠤ᠂

ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃

    ᠭᠤᠷᠪᠠ ᠳᠤ᠂ ᠠᠷᠠᠳ ᠣᠯᠠᠨ ᠤ ᠲᠤᠰᠬᠠᠭᠰᠠᠨ ᠠᠰᠠᠭᠤᠳᠠᠯ ᠪᠠ ᠪᠣᠳᠠᠲᠠᠶ ᠬᠦᠴᠢᠷᠳᠡᠯ ᠢ ᠨᠠᠷᠢᠨ ᠬᠢᠨᠠᠮᠠᠭᠠᠶ

ᠬᠠᠷᠢᠭᠤᠴᠠᠨ ᠰᠢᠶ᠋ᠳᠪᠦᠷᠢᠯᠡᠵᠦ᠂ ︽ᠵᠢᠭᠰᠠᠭᠠᠨ ᠪᠠᠶᠢᠴᠠᠭᠠᠭᠰᠠᠨ ᠢ ᠡᠷᠲᠡ᠂ ᠣᠯᠵᠤ ᠮᠡᠳᠡᠬᠦ᠂ ᠡᠵᠡᠮᠳᠡᠵᠦ ᠳᠡᠶᠢᠯᠬᠦ᠂

ᠰᠠᠶᠢᠲᠤᠷ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ ᠪᠠᠶᠢᠨ᠎ᠠ᠃

    ᠲᠦᠷᠪᠡ ᠳᠤ᠂ ᠬᠦᠯᠢᠶᠡᠨ ᠠᠪᠴᠤ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠲᠤ ︽ᠭᠤᠷᠪᠠ ᠶᠢ

ᠲᠠᠯᠪᠢᠵᠤ ᠲᠠᠯᠪᠢᠬᠤ ᠦᠭᠡᠢ︾᠂ ᠳᠠᠷᠤᠢ ᠠᠰᠠᠭᠤᠳᠠᠯ ᠢ ᠪᠠᠶᠢᠴᠠᠭᠠᠨ ᠲᠣᠳᠣᠯᠠᠬᠤ ᠦᠭᠡᠢ ᠪᠣᠯ ᠲᠠᠯᠪᠢᠬᠤ ᠦᠭᠡᠢ᠂

ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ ᠪᠠᠶᠢᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ

ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠵᠤ᠂ ᠤᠯᠠᠨ ᠲᠦᠮᠡᠨ ᠢ

ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃

    2024 ᠣᠨ ᠤ 1-12 ᠰᠠᠷ᠎ᠠ ᠳᠤ ᠪᠦᠯᠦᠭᠯᠡᠯ ᠤᠨ ᠴᠢᠨᠠᠷᠲᠠᠢ ᠳᠡᠭᠡᠭᠰᠢ ᠰᠤᠷᠪᠤᠯᠵᠢᠯᠠᠬᠤ ᠬᠡᠷᠡᠭ ᠭᠠᠷᠤᠭᠰᠠᠨ

ᠦᠭᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2