ᠬᠤᠸᠠᠳᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨᠤᠯ ᠤᠨ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/3

    1 ᠰᠠᠷ᠎ᠠ ᠶᠢᠨ 2 ᠤᠨ ᠡᠳᠦᠷ᠂ ᠬᠤᠸᠠᠳᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ

ᠤᠳᠤᠷᠢᠳᠬᠤ ᠳᠤᠭᠤᠶᠢᠯᠠᠩ ᠤᠨᠤᠯ ᠤᠨ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ

ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ

ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠧᠦ ᠵᠢᠢ ᠱᠧᠩ ᠬᠤᠷᠠᠯ ᠢ ᠡᠷᠬᠢᠯᠡᠪᠡ᠃

1735904242213046937.jpg

    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠤᠨ ᠠᠯᠪᠠᠨ ᠮᠡᠳᠡᠭᠡ᠂

ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ

ᠶᠠᠷᠢᠶᠠᠨ ᠤ ᠵᠣᠷᠢᠭ ᠰᠠᠨᠠᠭ᠎ᠠ ᠵᠢᠴᠢ ᠲᠡᠷᠢᠭᠦᠯᠡᠭᠴᠢ ᠰᠢ ᠶᠢᠨ ᠫᠢᠩ ᠤᠨ ᠨᠡᠶᠢᠲᠡᠯᠡᠭᠰᠡᠨ 2025 ᠣᠨ ᠤ ᠰᠢᠨ᠎ᠡ

ᠵᠢᠯ ᠤᠨ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶᠠᠨ ᠳᠠᠭᠠᠨ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡ ᠤᠯᠤᠰ ᠲᠦᠷᠦ ᠶᠢᠨ ᠵᠣᠭᠰᠣᠴᠠ ᠪᠠᠨ

ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ

ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ

ᠪᠠᠶᠢᠭᠤᠯᠤᠮᠵᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠳᠤ ᠬᠥᠮᠦᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ

ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ

ᠵᠢᠭᠠᠵᠤ ᠭᠠᠷᠭᠠᠪᠠ᠃

    ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᠪᠥᠸᠧ ᠰᠢᠶᠦ᠋ᠩ᠂ ᠯᠢᠦ ᠴᠢᠩ ᠾᠧ᠂ ᠵᠠᠩ

ᠱᠢ ᠶᠢᠩ ᠵᠢᠴᠢ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠪᠠᠶᠢᠭᠤᠯᠭ᠎ᠠ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2