︽ᠳᠥᠷᠪᠡᠨ ᠣᠳᠣᠬᠢᠴᠢᠯᠠᠯᠲᠠ ᠬᠤᠯᠪᠣᠭᠠᠯᠠᠨ ᠬᠥᠳᠡᠯᠦᠯᠴᠡᠬᠦ︾ ᠨᠢ ᠨᠠᠮ ᠤᠨ ᠭᠡᠰᠢᠭᠦᠨ ᠤ ᠬᠥᠮᠦᠵᠢᠯ ᠤᠨ ᠴᠢᠨᠠᠷ ᠰᠠᠶᠢᠲᠠᠶ ᠦᠷ᠎ᠡ ᠪᠦᠲᠦᠮᠵᠢ ᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2025/1/3

    ᠨᠠᠮ ᠤᠨ ᠭᠡᠰᠢᠭᠦᠨ ᠤ ᠬᠥᠮᠦᠵᠢᠯ ᠪᠣᠯ ᠨᠠᠮ ᠤᠨ ᠭᠡᠰᠢᠭᠦᠨ ᠤ ᠬᠡᠪ ᠴᠢᠨᠠᠷ ᠢ ᠳᠡᠭᠡᠭᠰᠢᠯᠡᠭᠦᠯᠬᠦ᠂ ᠨᠠᠮᠴᠢ ᠴᠢᠨᠠᠷ ᠢ

ᠴᠢᠩᠭᠠᠳᠬᠠᠬᠤ ᠴᠢᠬᠤᠯᠠ ᠠᠷᠭ᠎ᠠ ᠵᠠᠮ ᠮᠥᠨ᠃ ᠬᠤᠸᠠᠳᠧ ᠰᠢᠶᠠᠨ ᠤ ᠬᠢᠨ ᠨᠠᠮ ᠤᠨ ᠭᠡᠰᠢᠭᠦᠨ ᠤ ᠴᠢᠳᠠᠪᠤᠷᠢ ᠬᠡᠪ

ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠨᠠᠮ ᠤᠨ ᠭᠡᠰᠢᠭᠦᠨ ᠤ ᠬᠥᠮᠦᠵᠢᠯ ᠤᠨ ᠠᠭᠤᠯᠭ᠎ᠠ ᠲᠠᠩ

ᠴᠤᠯᠭᠤᠢ᠂ ᠵᠢᠭᠠᠬᠤ ᠶᠢ ᠦᠯᠦ ᠵᠥᠪᠰᠢᠶᠡᠷᠡᠬᠦ᠂ ᠲᠣᠭᠲᠠᠴᠠ ᠰᠢᠯᠤᠭᠤᠨ ᠪᠤᠰᠤ ᠪᠠᠶᠢᠬᠤ ᠵᠡᠷᠭᠡ ᠠᠰᠠᠭᠤᠳᠠᠯ ᠢ

ᠰᠢᠢᠳᠪᠦᠷᠢᠯᠡᠬᠦ ᠳᠤ ᠰᠠᠭᠤᠷᠢᠯᠠᠵᠤ᠂ ᠰᠢᠨᠵᠢᠯᠡᠬᠦ ᠤᠬᠠᠭᠠᠨᠴᠢᠯᠠᠭᠰᠠᠨ᠂ ᠪᠠᠶᠢᠩᠭᠤᠵᠢᠭᠰᠠᠨ᠂ ᠬᠥᠳᠡᠯᠦᠩᠭᠦᠢ᠂

ᠤᠶᠤᠨᠴᠢᠯᠠᠭᠰᠠᠨ ︽ᠲᠦᠷᠪᠡᠨ ᠣᠳᠣᠬᠢᠴᠢᠯᠠᠯᠲᠠ︾ ᠶᠢᠨ ᠪᠦᠳᠦᠭᠡᠨ ᠪᠠᠶᠢᠭᠤᠯᠤᠯᠲᠠ ᠪᠠᠷ ᠰᠢᠪᠲᠤᠯᠤᠯᠲᠠ ᠪᠣᠯᠭᠠᠬᠤ ᠶᠢ

ᠪᠠᠷᠢᠮᠲᠠᠯᠠᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠪᠣᠯᠤᠨ ᠠᠵᠢᠯ ᠬᠢᠵᠦ ᠦᠢᠯᠡᠰ ᠪᠤᠰᠬᠠᠬᠤ

ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ

ᠰᠠᠶᠢᠲᠠᠢ ᠦᠷ᠎ᠡ ᠪᠦᠲᠦᠮᠵᠢ ᠤᠯᠬᠤ᠂ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨᠬᠦ ᠠᠬᠢᠭᠤᠯᠬᠤ ᠬᠡᠷᠡᠭᠲᠡᠢ᠃

    ᠨᠠᠮ ᠤᠨ ᠭᠡᠰᠢᠭᠦᠨ ᠢ ᠬᠦᠮᠦᠵᠢᠭᠦᠯᠬᠦ ᠳᠦᠷᠢᠮ ᠤᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠃

ᠰᠢᠨᠵᠢᠯᠡᠬᠦ ᠤᠬᠠᠭᠠᠨᠴᠢ ᠪᠦᠲᠦᠮᠵᠢᠲᠡᠶ ᠨᠠᠮ ᠤᠨ ᠭᠡᠰᠢᠭᠦᠨ ᠤ ᠬᠥᠮᠦᠵᠢᠯ ᠤᠨ ᠳᠦᠷᠢᠮ ᠢ ᠪᠠᠶᠢᠭᠤᠯᠬᠤ ᠡᠨᠡ ᠬᠦ

ᠵᠠᠩᠭᠢᠯᠠᠭ᠎ᠠ ᠶᠢ ᠠᠳᠬᠤᠵᠤ᠂ ᠡᠯ᠎ᠡ ᠨᠠᠮ ︵ᠠᠵᠢᠯᠴᠢᠨ︶ ᠤᠨ ᠬᠤᠷᠢᠶ᠎ᠠ᠂ ᠶᠡᠷᠦᠩᠬᠡᠶ ᠡᠭᠦᠷ ᠵᠢᠴᠢ ᠨᠠᠮ ᠤᠨ ᠡᠭᠦᠷ ᠤᠨ

ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠭᠡᠰᠢᠭᠦᠨ ᠤ ᠬᠥᠮᠦᠵᠢᠯ ᠤᠨ ᠤᠯᠤᠰ

ᠲᠥᠷᠥ ᠶᠢᠨ ᠰᠢᠨᠵᠢ ᠴᠢᠨᠠᠷ ᠪᠠ ᠤᠯᠤᠰ ᠲᠥᠷᠥ ᠶᠢᠨ ᠴᠢᠳᠠᠮᠵᠢ ᠶᠢ ᠣᠨᠣᠪᠴᠢᠲᠠᠶ ᠡᠵᠡᠮᠳᠡᠵᠦ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ

ᠰᠤᠷᠤᠯᠴᠠᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠦᠯᠵᠢᠶᠡᠨ ᠳᠡᠭᠡᠷᠡᠬᠢ ᠪᠠ

ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠰᠤᠷᠤᠯᠴᠠᠬᠤ ᠬᠡᠯᠪᠡᠷᠢ ᠪᠠᠷ ᠳᠠᠮᠵᠢᠭᠤᠯᠤᠨ᠂ ᠤᠯᠤᠰ ᠲᠥᠷᠥ ᠶᠢᠨ

ᠣᠨᠣᠯ ᠤᠨ ᠰᠤᠷᠤᠯᠴᠠᠯᠭ᠎ᠠ ᠲᠠᠢ ᠨᠢᠭᠲᠠ ᠤᠶᠠᠯᠳᠤᠭᠤᠯᠤᠨ᠂ ᠨᠠᠮ ᠤᠨ ᠬᠢᠴᠢᠶᠡᠯ ᠤᠨ ᠬᠠᠮᠤᠷᠬᠤ ᠬᠡᠪᠴᠢᠶ᠎ᠡ ᠶᠢ

ᠥᠷᠭᠡᠳᠬᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠦᠵᠡᠯ ᠰᠠᠨᠠᠭᠠᠨ ᠤ ᠲᠠᠯ᠎ᠠ ᠪᠠᠷ

ᠦᠨᠳᠦᠰᠦ ᠶᠢ ᠱᠤᠭᠤᠵᠤ ᠰᠦᠭ ᠰᠦᠨᠡᠰᠦ ᠶᠢ ᠱᠤᠭᠤᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂

ᠲᠦᠷᠢᠮ ᠤᠨ ᠬᠠᠳᠠᠨ ᠴᠢᠨᠠᠷ ᠢ ᠦᠨᠡᠨ ᠬᠦ ᠴᠢᠩᠭᠠᠳᠬᠠᠵᠤ᠂ ᠨᠠᠮ ᠤᠨ ᠭᠡᠰᠢᠭᠦᠨ ᠤ ᠬᠥᠮᠦᠵᠢᠯ ᠤᠨ ᠪᠣᠳᠠᠲᠤ ᠦᠷ᠎ᠡ

ᠪᠦᠳᠦᠮᠵᠢᠳᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ

ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠮᠡᠳᠡᠯᠭᠡ ᠶᠢ

ᠪᠠᠳᠠᠷᠠᠭᠤᠯᠵᠤ᠂ ᠴᠢᠳᠠᠪᠤᠷᠢ ᠶᠢ ᠨᠡᠮᠡᠭᠳᠡᠭᠦᠯᠵᠦ᠂ ᠨᠠᠮ ᠤᠨ ᠭᠡᠰᠢᠭᠦᠨ ᠤ ᠡᠩᠨᠡᠭᠡᠨ ᠤ ᠪᠦᠬᠦᠯᠢ ᠴᠣᠭᠴᠠ ᠶᠢᠨ ᠬᠡᠪ

ᠴᠢᠨᠠᠷ ᠤᠨ ᠳᠡᠭᠡᠭᠰᠢᠯᠡᠯᠲᠡ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃

    ᠨᠠᠮ ᠤᠨ ᠭᠡᠰᠢᠭᠦᠨ ᠤ ᠬᠥᠮᠦᠵᠢᠯ ᠤᠨ ᠠᠭᠤᠯᠭ᠎ᠠ ᠶᠢᠨ ᠰᠢᠰᠲ᠋ᠧᠮ ᠢ ᠪᠠᠶᠢᠩᠭᠤᠵᠢᠭᠤᠯᠤᠨ ᠪᠦᠷᠢᠨᠰᠢᠭᠦᠯᠦᠨ᠎ᠡ᠃

︽ᠶᠠᠭᠤ ᠬᠢᠪᠡᠯ ᠶᠠᠭᠤ ᠶᠢ ᠵᠢᠭᠠᠬᠤ᠂ ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ︾ ᠶᠢ ᠢᠮᠠᠭᠲᠠ ᠪᠠᠷᠢᠮᠲᠠᠯᠠᠵᠤ᠂ ᠠᠳᠠᠯᠢ

ᠪᠤᠰᠤ ᠲᠠᠰ ᠳᠠᠪᠬᠤᠷᠭ᠎ᠠ ᠪᠠ ᠲᠥᠷᠥᠯ ᠢᠯᠭᠠᠯ ᠤᠨ ᠨᠠᠮ ᠤᠨ ᠭᠡᠰᠢᠭᠦᠳ ᠲᠤ ᠴᠢᠭᠯᠡᠭᠦᠯᠦᠨ᠂ ᠬᠥᠮᠦᠵᠢᠯ

ᠪᠣᠯᠪᠠᠰᠤᠷᠠᠭᠤᠯᠤᠯ ᠤᠨ ᠠᠭᠤᠯᠭ᠎ᠠ ᠶᠢ ᠪᠡᠶ᠎ᠡ ᠳᠤᠨᠢ ᠲᠣᠬᠢᠷᠠᠭᠤᠯᠤᠨ ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ

ᠳᠣᠭᠢᠷᠠᠭᠤᠯᠤᠨ᠎ᠠ᠃ ᠵᠢᠱᠢᠶᠡᠯᠡᠪᠡᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠱᠦᠵᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯ ᠰᠡᠳᠦᠪ

ᠪᠣᠯᠭᠠᠭᠰᠠᠨ ᠪᠣᠯᠪᠠᠰᠤᠷᠠᠯ ᠥᠷᠨᠢᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠤ

ᠺᠠᠳ᠋ᠷᠴᠤᠳ ᠲᠤ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠵᠦ᠂ ᠬᠤᠭᠤᠴᠠᠭ᠎ᠠ ᠰᠣᠯᠢᠬᠤ

︽ᠬᠤᠶᠠᠷ ᠵᠥᠪᠯᠡᠯ︾ ᠤᠨ ᠺᠠᠳ᠋ᠷ ᠤᠨ ᠰᠤᠷᠤᠯᠭ᠎ᠠ ᠶᠢᠨ ᠨᠠᠮᠲᠠᠷ ᠤᠨ ᠴᠢᠳᠠᠪᠤᠷᠢ ᠶᠢ ︽ᠬᠤᠶᠠᠷ ᠢ ᠳᠡᠭᠡᠭᠰᠢᠯᠡᠭᠦᠯᠬᠦ︾ ᠶᠢ

ᠠᠬᠢᠭᠤᠯᠤᠨ᠎ᠠ᠃ ᠨᠠᠮ ᠤᠨ ᠭᠡᠰᠢᠭᠦᠨ ᠤ ᠬᠥᠮᠦᠵᠢᠯ ᠤᠨ ᠠᠭᠤᠯᠭ᠎ᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂

ᠲᠤᠬᠠᠶ ᠶᠢᠨ ᠭᠠᠵᠠᠷ ᠤᠨ ᠰᠣᠶᠣᠯ ᠤᠨ ᠡᠬᠢ ᠪᠠᠶᠠᠯᠢᠭ ᠵᠢᠱᠢᠶᠡᠯᠡᠪᠡᠯ ᠴᠠᠭᠠᠰᠤᠨ ᠬᠠᠶᠢᠴᠢᠯᠠᠮᠠᠯ᠂ ᠬᠤᠪᠢᠰᠬᠠᠯ ᠤᠨ

ᠰᠠᠭᠤᠷᠢᠨ ᠭᠠᠵᠠᠷ ᠵᠡᠷᠭᠡ ᠶᠢ ᠠᠰᠢᠭᠯᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠤᠨ ᠲᠠᠩᠬᠢᠮ᠂

ᠶᠠᠪᠤᠵᠤ ᠰᠠᠭᠤᠬᠤ ᠬᠢᠴᠢᠶᠡᠯ ᠤᠨ ᠲᠠᠩᠬᠢᠮ ᠵᠡᠷᠭᠡ ᠰᠣᠳᠣᠨ ᠬᠢᠴᠢᠶᠡᠯ ᠢ ᠵᠢᠷᠤᠵᠤ ᠲᠥᠯᠥᠪᠯᠡᠨ ᠭᠠᠷᠭᠠᠵᠤ᠂ ᠪᠠᠰᠠ

ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ ᠵᠢᠴᠢ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ

ᠤᠬᠠᠭᠠᠨ ᠮᠡᠷᠭᠡᠵᠢᠯ ᠵᠡᠷᠭᠡ ᠡᠯ᠎ᠡ ᠲᠠᠯ᠎ᠠ ᠶᠢᠨ ᠮᠡᠳᠡᠯᠭᠡ ᠶᠢ ᠥᠷᠭᠡᠨ ᠢᠶᠠᠷ ᠰᠤᠷᠤᠯᠴᠠᠵᠤ᠂ ᠨᠠᠮ ᠤᠨ ᠭᠡᠰᠢᠭᠦᠨ ᠤ

ᠬᠥᠮᠦᠵᠢᠯ ᠪᠣᠯᠪᠠᠰᠤᠷᠠᠭᠤᠯᠤᠯ ᠤᠨ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢ ᠦᠨᠡᠨ ᠬᠦ ᠴᠢᠩᠭᠠᠳᠬᠠᠪᠠ᠃

    ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠰᠢᠰᠲ᠋ᠧᠮ ᠢ ᠬᠥᠳᠡᠯᠦᠩᠭᠦᠢ ᠪᠠᠷ ᠲᠡᠭᠦᠯᠳᠡᠷᠵᠢᠭᠦᠯᠪᠡ᠃

ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠬᠥᠮᠦᠵᠢᠯ ᠢ ᠥᠷᠨᠢᠭᠦᠯᠬᠦ

ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠤᠪᠤᠶᠢᠯᠭᠠᠵᠤ᠂ ᠬᠥᠮᠦᠵᠢᠯ ᠪᠣᠯᠪᠠᠰᠤᠷᠠᠯ ᠤᠨ ᠪᠠᠶᠢᠳᠠᠯ ᠢ ᠨᠠᠮ ᠤᠨ

ᠡᠭᠦᠷ ᠤᠨ ᠣᠨ ᠤ ᠰᠢᠯᠭᠠᠨ ᠦᠨᠡᠯᠡᠯᠲᠡ ᠳᠤ ᠣᠷᠣᠭᠤᠯᠵᠤ᠂ ᠬᠠᠲᠠᠭᠤ ᠬᠢᠵᠠᠭᠠᠷᠯᠠᠯ ᠢᠶᠠᠷ ᠨᠠᠮ ᠤᠨ ᠭᠡᠰᠢᠭᠦᠨ ᠤ

ᠰᠤᠷᠤᠯᠴᠠᠬᠤ ᠤᠬᠠᠮᠰᠠᠷ ᠪᠣᠯᠤᠨ ᠵᠣᠬᠢᠶᠠᠨ ᠪᠠᠶᠢᠭᠤᠯᠬᠤ ᠤᠬᠠᠮᠰᠠᠷ ᠢ ᠴᠢᠩᠭᠠᠳᠬᠠᠵᠤ᠂ ᠡᠭᠦᠨ ᠤ ᠤᠯᠠᠮ ᠠᠴᠠ ᠡᠳᠦᠷ

ᠲᠤᠳᠤᠮ ᠤᠨ ᠬᠥᠮᠦᠵᠢᠯ ᠪᠣᠯᠪᠠᠰᠤᠷᠠᠯ ᠢ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃

ᠪᠣᠯᠪᠠᠰᠤᠷᠠᠭᠤᠯᠤᠯ ᠢ ᠮᠥᠷᠳᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠳᠠᠭ᠎ᠠ ᠪᠦᠷᠢ ᠶᠢᠨ

ᠬᠥᠮᠦᠵᠢᠯ ᠪᠣᠯᠪᠠᠰᠤᠷᠠᠭᠤᠯᠤᠯ ᠤᠨ ᠳᠠᠷᠠᠭ᠎ᠠ ᠪᠣᠯᠪᠠᠰᠤᠷᠠᠭᠤᠯᠤᠯ ᠳᠤ ᠣᠷᠣᠯᠴᠠᠭᠰᠠᠨ ᠨᠠᠮ ᠤᠨ ᠭᠡᠰᠢᠭᠦᠨ ᠢ ᠵᠣᠬᠢᠶᠠᠨ

ᠪᠠᠶᠢᠭᠤᠯᠤᠨ ︽ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠬᠠᠷᠢᠭᠤ ᠲᠤᠰᠬᠠᠬᠤ ᠬᠦᠰᠦᠨᠦᠭᠲᠦ︾ ᠶᠢ

ᠲᠠᠭᠯᠠᠵᠤ᠂ ᠬᠤᠶᠢᠰᠢᠳᠠ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠬᠤ ᠪᠠ ᠰᠠᠶᠢᠵᠢᠷᠠᠭᠤᠯᠬᠤ ᠳᠤ

ᠴᠢᠬᠤᠯᠠ ᠦᠨᠳᠦᠰᠦᠯᠡᠯ ᠬᠠᠩᠭᠠᠨ᠎ᠠ᠃ ᠡᠭᠦᠨ ᠤ ᠬᠠᠮᠲᠤ᠂ ᠪᠣᠯᠪᠠᠰᠤᠷᠠᠭᠤᠯᠤᠯ ᠳᠤ ᠣᠷᠣᠯᠴᠠᠭᠰᠠᠨ ᠨᠠᠮ ᠤᠨ

ᠭᠡᠰᠢᠭᠦᠨ ᠤ ᠪᠣᠯᠪᠠᠰᠤᠷᠠᠭᠤᠯᠤᠯ ᠤᠨ ᠳᠠᠷᠠᠭᠠᠬᠢ ᠠᠵᠢᠯ ᠤᠨ ᠪᠠᠶᠢᠳᠠᠯ ᠢ ᠬᠠᠷᠢᠭᠤ ᠰᠤᠷᠪᠤᠯᠵᠢᠯᠠᠵᠤ᠂ ᠲᠡᠭᠦᠨ ᠤ

ᠰᠣᠷᠣᠭᠰᠠᠨ ᠪᠣᠯᠪᠠᠰᠤᠷᠠᠭᠤᠯᠤᠯ ᠤᠨ ᠮᠡᠳᠡᠯᠭᠡ ᠶᠢ ᠬᠡᠷᠡᠭᠯᠡᠨ ᠪᠣᠳᠠᠲᠠᠶ ᠠᠵᠢᠯ ᠤᠨ ᠠᠰᠠᠭᠤᠳᠠᠯ ᠢ ᠰᠢᠢᠳᠪᠦᠷᠢᠯᠡᠬᠦ

ᠴᠢᠳᠠᠪᠤᠷᠢ ᠳᠤ ᠪᠠᠶᠢᠴᠠᠭᠠᠯᠲᠠ ᠬᠢᠵᠦ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ ᠪᠠᠷ ᠰᠤᠷᠤᠯᠴᠠᠬᠤ ᠶᠢ ᠠᠬᠢᠭᠤᠯᠬᠤ ᠶᠢ

ᠬᠥᠲᠥᠯᠦᠨ ᠵᠢᠯᠣᠭᠤᠳᠴᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠪᠣᠳᠠᠲᠤ ᠠᠮᠵᠢᠯᠲᠠ

ᠪᠣᠯᠭᠠᠨ ᠬᠤᠪᠢᠷᠠᠭᠤᠯᠪᠠ᠃ 

  ᠣᠶᠤᠨᠴᠢᠯᠠᠭᠰᠠᠨ ᠱᠢᠨ᠎ᠡ ᠶᠢ ᠡᠭᠦᠳᠦᠭᠰᠡᠨ ᠨᠠᠮ ᠤᠨ ᠭᠡᠱᠢᠭᠦᠨ ᠤ ᠰᠤᠷᠭᠠᠨ ᠬᠥᠮᠦᠵᠢᠯ ᠤᠨ ᠲᠠᠪᠴᠠᠩ ᠤᠨ

ᠱᠢᠰᠲ᠋ᠧᠮ᠃ ᠪᠦᠬᠦ ᠰᠢᠶᠠᠨ ᠤ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠵᠦ᠂ ᠪᠠᠷᠠᠭᠤᠨ ᠠᠭᠤᠯᠠᠨ ᠤ

ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠴᠢᠦ

ᠯᠢᠩ ᠭᠸᠤ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ

ᠤᠯᠤᠰ ᠢᠶᠠᠨ ᠬᠠᠮᠠᠭᠠᠯᠠᠬᠤ ᠳᠤᠷᠠᠰᠬᠠᠯ ᠤᠨ ᠲᠠᠰᠤᠭ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ

ᠰᠠᠭᠤᠷᠢᠨ ᠭᠠᠵᠠᠷ ᠵᠡᠷᠭᠡ ᠵᠢᠭᠠᠨ ᠰᠤᠷᠭᠠᠯᠲᠠ ᠶᠢᠨ ᠴᠡᠭ ᠢ ᠪᠠᠶᠢᠭᠤᠯᠵᠤ᠂ ︽ᠨᠢᠭᠡ ᠴᠣᠭᠴᠠ ᠬᠤᠶᠠᠷ ᠵᠢᠭᠦᠷ ᠤᠯᠠᠨ

ᠴᠡᠭ︾ ᠤᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠨᠠᠮ ᠤᠨ ᠭᠡᠰᠢᠭᠦᠨ ᠤ ᠬᠥᠮᠦᠵᠢᠯ ᠤᠨ ︽ᠵᠢᠭᠰᠠᠭᠠᠯ ᠤᠨ ᠭᠠᠵᠠᠷ︾

 ᠢ ᠤᠷᠲᠤᠳᠬᠠᠪᠠ᠃ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ︽ᠤᠮᠠᠷᠠᠲᠤ ᠬᠢᠯᠢ ᠶᠢᠨ

ᠬᠤᠰᠢᠭᠤᠴᠢ︾ ︽ᠤᠯᠠᠭᠠᠨᠴᠠᠪ ᠤᠨ ᠨᠠᠮ ᠤᠨ ᠪᠠᠶᠢᠭᠤᠯᠤᠯᠲᠠ︾ ︽ᠬᠤᠸᠠᠳᠧ ᠶᠢᠨ ᠨᠠᠮ ᠤᠨ ᠪᠠᠶᠢᠭᠤᠯᠤᠯᠲᠠ︾ ᠵᠡᠷᠭᠡ

ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠨᠠᠮ ᠤᠨ ᠭᠡᠰᠢᠭᠦᠨ ᠺᠠᠳ᠋ᠷᠴᠤᠳ ᠤᠨ ᠴᠠᠭ

ᠢᠮᠠᠭᠲᠠ ᠭᠠᠵᠠᠷ ᠪᠣᠯᠭᠠᠨ ᠳᠤ ᠰᠤᠷᠤᠯᠴᠠᠬᠤ ᠵᠠᠭᠪᠤᠷ ᠢ ᠪᠡᠶᠡᠯᠡᠭᠦᠯᠵᠦ᠂ ᠰᠤᠷᠤᠯᠴᠠᠬᠤ ᠣᠷᠣᠨ ᠵᠠᠢ ᠶᠢᠨ ᠬᠠᠷᠰᠢ

ᠰᠠᠭᠠᠳ ᠢ ᠡᠪᠳᠡᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2