ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠴᠢᠩᠭ᠎ᠠ ᠠᠳᠬᠤᠵᠤ᠂ ᠰᠡᠳᠬᠢᠯ ᠳᠡᠭᠡᠨ ᠪᠤᠳᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ | ᠭᠤᠷᠪᠠᠨ ᠵᠦᠶ᠋ᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠴᠢᠩᠭ᠎ᠠ ᠭᠦᠶ᠋ᠴᠡᠳᠬᠡᠬᠦ ᠬᠡᠷᠡᠭᠲᠡᠶ᠃ | ᠨᠢᠭᠡ ᠳᠤ ᠲᠠᠨᠢᠯᠲᠠ ᠪᠠᠨ ᠴᠢᠩᠭᠠᠳᠬᠠᠵᠤ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠲᠣᠰ ᠲᠣᠪᠴᠢᠶ᠎ᠠ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠢᠮᠠᠭᠲᠠ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠬᠤ᠂ | ᠪᠠᠶᠢᠳᠠᠯ ᠢ ᠰᠤᠳᠤᠯᠤᠨ ᠮᠠᠭᠠᠳᠯᠠᠬᠤ᠂ ᠰᠢᠢᠳᠪᠦᠷᠢᠲᠦ ᠪᠣᠳᠣᠯᠭ᠎ᠠ ᠶᠢ ᠠᠷᠭᠠᠴᠠᠬᠤ ᠶᠢ ᠠᠳᠬᠤᠬᠤ᠂ ᠴᠢᠭᠯᠡᠯ ᠢ | ᠠᠳᠬᠤᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠳᠤᠷᠢᠳᠬᠤ ᠪᠠᠭ ᠢ ᠵᠣᠬᠢᠶᠠᠨ | ᠪᠠᠶᠢᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ | ᠰᠤᠳᠤᠯᠵᠤ᠂ ᠤᠳᠤᠷᠢᠳᠬᠤ ᠪᠠᠭ ᠤᠨ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠢᠯᠭᠠᠨ ᠲᠠᠨᠢᠬᠤ | ᠴᠢᠳᠠᠪᠤᠷᠢ ᠶᠢ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠵᠠᠳᠠᠯᠬᠤ ᠪᠠ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠬᠤ ᠶᠢ ᠴᠢᠩᠭᠠᠳᠬᠠᠨ᠎ᠠ᠃ | ᠬᠤᠶᠠᠷ ᠲᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠣᠯᠤᠨ ᠨᠠᠮ ᠤᠨ ᠡᠭᠦᠷ ᠤᠨ ᠱᠦᠵᠢ ᠪᠣᠯ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠣᠪᠴᠢᠶ᠎ᠠ ᠶᠢᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ | ᠬᠡᠷᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠥᠬᠦ ᠵᠢᠯ ᠤᠨ ᠴᠢᠬᠤᠯᠠ ᠠᠵᠢᠯ ᠪᠣᠯᠭᠠᠨ | ᠲᠣᠬᠢᠷᠠᠭᠤᠯᠤᠨ ᠪᠠᠶᠢᠷᠢᠯᠠᠭᠤᠯᠵᠤ᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ ᠪᠠᠶᠢᠴᠠᠭᠠᠬᠤ ᠪᠠ ᠲᠤᠰᠢᠶᠠᠯ ᠤᠨ | ᠮᠡᠳᠡᠭᠦᠯᠦᠯᠲᠡ ᠶᠢ ᠦᠨᠡᠯᠡᠨ ᠶᠠᠷᠢᠯᠴᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠶᠡᠷᠦᠩᠬᠡᠶᠢᠯᠡᠭᠰᠡᠨ ᠬᠠᠷᠠᠯᠲᠠ ᠶᠢᠨ | ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠵᠢᠯ ᠪᠦᠷᠢ ᠨᠠᠭᠠᠳᠤ ᠵᠠᠬ᠎ᠠ ᠳᠠᠭᠠᠨ ᠬᠤᠶᠠᠷ ᠤᠳᠠᠭ᠎ᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠰᠤᠳᠤᠯᠵᠤ᠂ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠤᠨ᠂ | ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠬᠢᠨᠠᠨ ᠰᠢᠯᠭᠠᠨ᠎ᠠ᠃ | ᠭᠤᠷᠪᠠ ᠳᠤ᠂ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃ | ᠰᠣᠨᠢᠨ ᠮᠡᠳᠡᠭᠡᠨ ᠤ ᠥᠭᠦᠯᠡᠭᠴᠢ ᠪᠠ ᠰᠦᠯᠵᠢᠶᠡᠨ ᠤ ᠮᠡᠳᠡᠭᠡ ᠵᠠᠩᠭᠢ ᠶᠢᠨ ᠰᠢᠭᠦᠮᠵᠢᠯᠡᠭᠴᠢ ᠶᠢᠨ ᠡᠩᠨᠡᠭᠡ ᠶᠢ | ᠪᠠᠶᠢᠭᠤᠯᠵᠤ᠂ ᠰᠡᠷᠭᠡᠭ ᠬᠡᠷᠡᠭ ᠢ ᠠᠷᠢᠯᠭᠠᠬᠤ ᠪᠠ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ | ᠬᠠᠷᠢᠭᠤᠴᠠᠨ᠎ᠠ᠃ ᠡᠭᠦᠨ ᠤ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ | ᠮᠡᠳᠡᠭᠡ ᠵᠠᠩᠭᠢ ᠶᠢᠨ ᠲᠠᠪᠴᠠᠩ᠂ LED ᠳᠡᠯᠭᠡᠴᠡ᠂ ᠤᠬᠠᠭᠤᠯᠭ᠎ᠠ ᠶᠢᠨ ᠨᠢᠭᠤᠷ ᠵᠡᠷᠭᠡ ᠳᠠᠪᠠᠭᠤᠯᠢᠭ ᠢ | ᠪᠠᠳᠠᠷᠠᠭᠤᠯᠬᠤ ᠶᠢ ᠴᠢᠬᠤᠯᠠᠴᠢᠯᠠᠵᠤ᠂ ᠨᠠᠮ ᠤᠨ ᠰᠣᠨᠢᠨ ᠰᠡᠳᠬᠦᠯ ᠪᠣᠯᠤᠨ ᠰᠣᠨᠢᠨ ᠮᠡᠳᠡᠭᠡᠨ ᠤ ᠵᠠᠭᠤᠴᠢᠯᠠᠭᠤᠷ ᠢ | ᠭᠦᠢᠴᠡᠳ ᠠᠰᠢᠭᠯᠠᠵᠤ᠂ ᠦᠵᠡᠯ ᠤᠬᠠᠮᠰᠠᠷ ᠤᠨ ᠬᠡᠯᠪᠡᠷᠢ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠠᠵᠢᠯ ᠤᠨ ᠰᠢᠨ᠎ᠡ ᠠᠷᠭ᠎ᠠ ᠬᠢᠳᠡᠯ ᠰᠢᠨ᠎ᠡ ᠠᠮᠵᠢᠯᠲᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠤᠭᠰᠠᠨ | ᠪᠠᠶᠢᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |