ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ | ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠪᠠᠶᠠᠷ ᠬᠥᠷ ᠲᠠᠢ ᠠᠮᠤᠷ ᠲᠠᠶᠢᠪᠤᠩ ᠪᠠᠶᠠᠷ ᠤᠨ ᠡᠳᠦᠷ ᠢᠶᠠᠨ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠷᠦᠭᠦᠬᠡᠨ᠂ ᠬᠤᠸᠠᠳᠧ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ | ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | | ᠨᠠᠷᠢᠨ ᠨᠢᠮᠪᠠᠶ ᠪᠠᠶᠢᠷᠢᠯᠠᠭᠤᠯᠵᠤ᠂ ᠪᠠᠶᠢᠴᠠᠭᠠᠬᠤ ᠭᠤᠤᠯᠳᠠᠯᠭ᠎ᠠ ᠶᠢ ᠲᠣᠳᠣᠷᠬᠠᠶᠢᠯᠠᠪᠠ᠃ ᠲᠣᠰ ᠤᠳᠠᠭᠠᠨ ᠤ | ᠲᠤᠰᠬᠠᠶ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠪᠠᠶᠠᠷ ᠤᠨ | ᠡᠳᠦᠷ ᠤᠨ ᠬᠡᠷᠡᠭᠯᠡᠭᠡᠨ ᠤ ᠣᠨᠴᠠᠯᠢᠭ ᠲᠠᠢ ᠤᠶᠠᠯᠳᠤᠭᠤᠯᠤᠨ᠂ ᠢᠳᠡᠭᠡᠨ ᠤ ᠵᠦᠶ᠋ᠯ᠂ ᠡᠮ ᠤᠨ ᠵᠦᠶ᠋ᠯ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ᠂ ᠦᠶ᠋ᠯᠡᠳᠬᠦᠨ ᠤ ᠶᠠᠰᠤ ᠴᠢᠨᠠᠷ ᠵᠡᠷᠭᠡ ᠣᠯᠠᠨ ᠲᠦᠮᠡᠨ ᠤ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠬᠦᠷᠢᠶᠡᠨ ᠤ | ᠪᠠᠶᠢᠴᠠᠭᠠᠯᠲᠠ ᠶᠢᠨ ᠭᠤᠤᠯᠳᠠᠯᠭ᠎ᠠ ᠵᠢᠴᠢ ᠬᠠᠷᠠᠯᠲᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠬᠵᠢᠭᠤᠯᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠪᠢᠨ ᠪᠦᠯᠬᠦᠮ ᠳᠠᠭᠠᠭᠤᠯᠤᠨ᠂ | ᠬᠤᠪᠢ ᠣᠷᠣᠭᠤᠯᠤᠭᠰᠠᠨ ᠭᠠᠵᠠᠷ ᠬᠤᠯᠪᠣᠭᠠᠯᠠᠨ ᠬᠥᠳᠡᠯᠦᠯᠴᠡᠬᠦ ᠵᠢᠴᠢ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ | ᠠᠷᠭ᠎ᠠ ᠮᠠᠶ᠋ᠢᠭ ᠢ ᠠᠪᠴᠤ᠂ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | | ᠢᠳᠡᠭᠡᠨ ᠦᠢ ᠠᠮᠤᠷ ᠲᠥᠪᠰᠢᠨ ᠤ ᠬᠢᠨᠠᠨ ᠬᠠᠮᠢᠶᠠᠷᠤᠯᠲᠠ ᠶᠢᠨ ᠰᠠᠯᠪᠤᠷᠢ ᠳᠤ᠃ ᠡᠵᠡᠩᠨᠡᠯᠲᠡ ᠶᠢᠨ | ᠭᠤᠭᠴᠤᠭ᠎ᠠ ᠳᠤ ᠴᠢᠭᠯᠡᠭᠦᠯᠦᠨ᠂ ᠢᠳᠡᠭᠡᠨ ᠤ ᠡᠵᠡᠩᠨᠡᠭᠴᠢ ᠳᠤ ᠢᠳᠡᠭᠡᠨ ᠤ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ︔ ᠪᠠᠷᠠᠭ᠎ᠠ ᠣᠷᠣᠭᠤᠯᠬᠤ ᠶᠢ ᠪᠠᠶᠢᠴᠠᠭᠠᠨ | ᠰᠢᠯᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ︔ ᠭᠤᠷᠪᠠ ᠦᠭᠡᠢ ᠪᠠ | ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠪᠣᠷᠣᠯᠠᠭᠤᠯᠤᠭᠰᠠᠨ ᠡᠰᠡᠬᠦ︔ ᠢᠳᠡᠭᠡᠨ ᠤ | ᠱᠣᠰᠢᠭ᠎ᠠ ᠲᠡᠮᠳᠡᠭ ᠪᠠ ᠬᠠᠳᠠᠭᠠᠯᠠᠯᠲᠠ ᠨᠢ ᠵᠢᠷᠤᠮᠵᠢᠯ ᠲᠠᠢ ᠪᠠᠶᠢᠬᠤ ᠡᠰᠡᠬᠦ︔ ᠢᠳᠡᠭᠡᠨ ᠤ ᠢᠷᠡᠯᠲᠡ ᠶᠢ ᠲᠣᠳᠣᠷᠬᠠᠶ | ᠨᠡᠬᠡᠮᠵᠢᠯᠡᠵᠦ ᠪᠣᠯᠬᠤ ᠡᠰᠡᠬᠦ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠪᠠ᠃ ᠢᠳᠡᠭᠡᠨ ᠤᠮᠳᠠᠭᠠᠨ ᠤ | ᠵᠠᠩᠭᠢᠯᠠᠭ᠎ᠠ ᠳᠤ ᠴᠢᠭᠯᠡᠭᠦᠯᠦᠨ᠂ ᠭᠡᠷᠡᠴᠢ ᠪᠠᠷᠢᠮᠲᠠ ᠠᠪᠬᠤ᠂ ᠢᠳᠡᠭᠡᠨ ᠬᠠᠳᠠᠭᠠᠯᠠᠬᠤ᠂ ᠢᠳᠡᠭᠡᠨ ᠤ ᠲᠦᠭᠦᠬᠡᠶ ᠮᠠᠲ᠋ᠧᠷᠢᠶᠠᠯ | ᠬᠤᠳᠠᠯᠳᠤᠨ ᠠᠪᠬᠤ᠂ ᠢᠳᠡᠭᠡᠨ ᠡᠳ᠋ᠰᠢᠭᠦᠯᠬᠦ ᠠᠵᠢᠯᠯᠠᠭᠠᠨ ᠤ ᠵᠢᠷᠤᠮᠵᠢᠯ᠂ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ᠂ | ᠢᠳᠡᠭᠡᠨ ᠤ ᠥᠯᠢᠭᠡᠷ ᠡᠳ᠋ ᠤᠨ ᠬᠡᠷᠡᠭᠯᠡᠯᠲᠡ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ | ᠡᠵᠡᠩᠨᠡᠯᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠠᠵᠢᠯᠯᠠᠵᠤ ᠪᠠᠶᠢᠭ᠎ᠠ ᠬᠥᠮᠦᠰ ᠤᠨ | ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ | ᠵᠢᠴᠢ ᠬᠡᠷᠡᠭᠯᠡᠬᠦ ᠴᠢᠨᠠᠷ ᠬᠤᠪᠢᠷᠬᠠᠰᠠᠨ ᠡᠰᠡᠬᠦ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ | ᠭᠡᠷᠡᠴᠢ ᠦᠭᠡᠢ ᠮᠢᠬᠠᠨ ᠤ ᠲᠥᠷᠥᠯ ᠢ ᠡᠳ᠋ᠰᠢᠭᠦᠯᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ | ᠬᠡᠷᠡᠭᠲᠡᠶ᠃ | | ︽ᠬᠤᠶᠠᠷ ᠪᠦᠲᠦᠭᠡᠭᠳᠡᠬᠦᠨ ᠨᠢᠭᠡ ᠵᠡᠪᠰᠡᠭ︾ ᠢ ᠬᠢᠨᠠᠨ ᠬᠠᠮᠢᠶᠠᠷᠬᠤ ᠰᠠᠯᠪᠤᠷᠢ ᠳᠤ᠃ ᠬᠠᠤᠯᠢ ᠬᠡᠷᠡᠭᠵᠢᠭᠦᠯᠬᠦ | ᠠᠵᠢᠯᠲᠠᠨ ᠬᠠᠷᠢᠶ᠎ᠠ ᠣᠷᠣᠨ ᠤ ᠳᠣᠲᠣᠷᠠᠬᠢ ᠡᠮ ᠤᠨ ᠳᠡᠯᠭᠡᠭᠦᠷ᠂ ᠵᠠᠰᠠᠯ ᠴᠢᠮᠡᠭᠯᠡᠯ ᠤᠨ ᠡᠳ᠋ ᠤᠨ ᠳᠡᠯᠭᠡᠭᠦᠷ ᠵᠡᠷᠭᠡ | ᠲᠠᠯᠠᠪᠤᠷ ᠲᠤ ᠴᠢᠭᠯᠡᠭᠦᠯᠦᠨ ᠪᠥᠬᠦ ᠲᠠᠯ᠎ᠠ ᠪᠠᠷ ᠨᠠᠷᠢᠨ ᠪᠠᠶᠢᠴᠠᠭᠠᠯᠲᠠ ᠬᠢᠪᠠ᠃ ᠡᠮ ᠤᠨ ᠵᠦᠢᠯ ᠤᠨ ᠲᠠᠯ᠎ᠠ ᠪᠠᠷ᠂ | ᠡᠮ ᠤᠨ ᠵᠦᠢᠯ ᠤᠨ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ᠂ ᠲᠣᠭᠲᠠᠭᠠᠯ ᠶᠣᠰᠣᠭᠠᠷ ᠬᠠᠳᠠᠭᠠᠯᠠᠭᠰᠠᠨ | ᠡᠰᠡᠬᠦ᠂ ᠠᠵᠢᠯ ᠡᠷᠭᠢᠯᠡᠬᠦ ᠡᠮ ᠨᠠᠶᠢᠷᠠᠭᠴᠢ ᠠᠵᠢᠯ ᠤᠨ ᠪᠠᠶᠢᠷᠢ ᠳᠠᠭᠠᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠡᠰᠡᠬᠦ ᠵᠡᠷᠭᠡ ᠶᠢ ᠪᠠᠶᠢᠴᠠᠭᠠᠨ ᠦᠵᠡᠪᠡ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠲᠠᠯ᠎ᠠ ᠪᠠᠷ᠂ | ᠵᠥᠪᠰᠢᠶᠡᠷᠡᠯ ᠤᠨ ᠪᠢᠴᠢᠭ ᠤᠨ ᠳ᠋ᠤᠭᠠᠷ ᠪᠤᠶᠤ ᠳᠠᠩᠰᠠᠯᠠᠭᠤᠯᠤᠭᠰᠠᠨ ᠦᠨᠡᠮᠯᠡᠯ ᠲᠠᠢ ᠦᠢᠯᠡᠳᠬᠦᠨ ᠢ ᠡᠵᠡᠩᠨᠡᠵᠦ | ᠣᠯᠤᠭᠰᠠᠨ ᠥᠬᠡᠶ ᠡᠰᠡᠬᠦ︔ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠪᠠ ᠪᠣᠷᠣᠯᠠᠭᠤᠯᠤᠭᠰᠠᠨ | ᠲᠡᠮᠳᠡᠭᠯᠡᠯ ᠲᠠᠢ ᠪᠠᠶᠢᠬᠤ ᠡᠰᠡᠬᠦ︔ ᠬᠤᠭᠤᠴᠠᠭ᠎ᠠ ᠨᠢ ᠥᠩᠭᠡᠷᠡᠭᠰᠡᠨ ᠬᠦᠴᠦᠨ ᠥᠬᠡᠶ ᠪᠣᠯᠤᠭᠰᠠᠨ ᠡᠮᠴᠢᠯᠡᠭᠡᠨ ᠤ | ᠪᠠᠭᠠᠵᠢ ᠬᠡᠷᠡᠭᠰᠡᠯ ᠢ ᠪᠣᠷᠣᠯᠠᠭᠤᠯᠬᠤ᠂ ᠬᠡᠷᠡᠭᠯᠡᠬᠦ ᠵᠡᠷᠭᠡ ᠦᠢᠯᠡ ᠠᠵᠢᠯᠯᠠᠭ᠎ᠠ ᠪᠠᠶᠢᠬᠤ ᠡᠰᠡᠬᠦ᠃ ᠵᠠᠰᠠᠯ ᠴᠢᠮᠡᠭ ᠤᠨ | ᠡᠳ᠋ ᠤᠨ ᠲᠠᠯ᠎ᠠ ᠪᠠᠷ᠂ ᠵᠠᠰᠠᠯ ᠴᠢᠮᠡᠭ ᠤᠨ ᠡᠳ ᠢ ᠬᠡᠷᠡᠭᠯᠡᠬᠦ ᠨᠢᠭᠡᠴᠡ ᠳᠤ ᠬᠤᠯᠪᠣᠭᠳᠠᠬᠤ ᠬᠢᠷᠢ ᠲᠡᠩᠴᠡᠬᠦ ᠦᠭᠡᠶ | ᠵᠠᠰᠠᠯ ᠴᠢᠮᠡᠭ ᠤᠨ ᠦᠢᠯᠡᠳᠬᠦᠨ ᠤ ᠲᠦᠷᠦᠯ ᠲᠡᠮᠳᠡᠭ ᠪᠠ ᠪᠦᠯᠦᠭ ᠤᠳᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ | ᠪᠠᠶᠢᠴᠠᠭᠠᠬᠤ ᠶᠢᠨ ᠬᠠᠮᠲᠤ ᠦᠢᠯᠡᠳᠬᠦᠨ ᠤ ᠱᠣᠰᠢᠭ᠎ᠠ ᠲᠡᠮᠳᠡᠭ᠂ ᠪᠠᠷᠠᠭ᠎ᠠ ᠣᠷᠣᠭᠤᠯᠬᠤ ᠠᠷᠭ᠎ᠠ ᠵᠠᠮ᠂ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠵᠡᠷᠭᠡ ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠵᠤ᠂ ᠵᠣᠭᠤᠰ ᠨᠢᠭᠡᠪᠦᠷᠢ ᠨᠢ | ᠵᠠᠰᠠᠯ ᠴᠢᠮᠡᠭ ᠤᠨ ᠦᠢᠯᠡᠳᠬᠦᠨ ᠤ ᠢᠷᠡᠯᠲᠡ ᠨᠢ ᠬᠠᠤᠯᠢ ᠳᠤ ᠨᠡᠶᠢᠴᠡᠭᠰᠡᠨ ᠪᠠᠶᠢᠬᠤ ᠶᠢ ᠦᠨᠡᠨᠬᠦ ᠪᠠᠲᠤᠯᠠᠨ᠎ᠠ᠃ | ᠦᠢᠯᠡᠳᠬᠡᠭᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠰᠠᠯᠪᠤᠷᠢ ᠳᠤ᠃ ᠬᠡᠷ ᠤᠨ ᠴᠠᠬᠢᠯᠭᠠᠨ ᠬᠡᠷᠡᠭᠰᠡᠯ᠂ ᠰᠢᠲᠠᠮᠠᠬᠠᠶ | ᠬᠡᠶ ᠶᠢᠨ ᠵᠤᠤᠬ᠎ᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠲᠡᠷᠭᠡ | ᠵᠡᠷᠭᠡ ᠭᠤᠤᠯᠳᠠᠯᠭ᠎ᠠ ᠲᠠᠢ ᠦᠢᠯᠡᠳᠬᠦᠨ ᠤ ᠭᠦᠢᠯᠭᠡᠭᠡᠨ ᠤ ᠬᠦᠷᠢᠶᠡᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠬᠦᠨ ᠤ ᠲᠡᠮᠳᠡᠭ᠂ ᠭᠡᠷᠡᠴᠢᠯᠡᠯ ᠤᠨ ᠲᠡᠮᠳᠡᠭ ᠵᠡᠷᠭᠡ | ᠵᠢᠷᠤᠮᠵᠢᠯ ᠳᠤ ᠨᠡᠶᠢᠴᠡᠬᠦ ᠡᠰᠡᠬᠦ ᠶᠢ ᠪᠠᠶᠢᠴᠠᠭᠠᠨ ᠦᠵᠡᠵᠦ᠂ ᠦᠢᠯᠡᠳᠬᠦᠨ ᠤ ᠶᠠᠰᠤ ᠴᠢᠨᠠᠷ ᠤᠨ ᠲᠠᠯ᠎ᠠ ᠪᠠᠷ ᠣᠷᠣᠰᠢᠵᠤ | ᠪᠠᠶᠢᠭ᠎ᠠ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠬᠢᠷᠢ | ᠲᠡᠩᠴᠡᠬᠦ ᠥᠬᠡᠶ ᠦᠢᠯᠡᠳᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ | ᠣᠨᠴᠠ ᠲᠥᠷᠥᠯ ᠤᠨ ᠲᠥᠬᠦᠭᠡᠷᠦᠮᠵᠢ ᠶᠢᠨ ᠬᠢᠨᠠᠨ ᠬᠠᠮᠢᠶᠠᠷᠬᠤ ᠰᠠᠯᠪᠤᠷᠢ ᠳᠤ᠃ ᠬᠠᠤᠯᠢ ᠬᠡᠷᠡᠭᠵᠢᠭᠦᠯᠬᠦ | ᠠᠵᠢᠯᠲᠠᠨ ᠬᠠᠷᠢᠶ᠎ᠠ ᠣᠷᠣᠨ ᠤ ᠠᠵᠤ ᠠᠬᠤᠶᠢᠯᠠᠯ ᠳᠤ ᠭᠦᠨᠵᠡᠭᠡᠶᠢᠷᠡᠨ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠳᠡᠩᠰᠡᠯᠡᠯᠲᠡ᠂ ᠠᠵᠢᠯᠯᠠᠭᠠᠨ᠂ | ᠡᠳᠦᠷ ᠲᠤᠲᠤᠮ ᠤᠨ ᠬᠠᠮᠠᠭᠠᠯᠠᠯᠲᠠ᠂ ᠬᠠᠮᠢᠶᠠᠷᠤᠯᠲᠠ ᠬᠢᠭᠡᠳ ᠰᠢᠯᠭᠠᠨ ᠪᠠᠶᠢᠴᠠᠭᠠᠯᠲᠠ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠪᠡ᠃ ᠡᠭᠦᠨ ᠤ ᠬᠠᠮᠲᠤ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠠᠮᠤᠷ ᠲᠦᠪᠰᠢᠨ ᠤ ᠬᠠᠮᠢᠶᠠᠷᠤᠯᠲᠠ ᠶᠢ | ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠵᠤ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |