ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠢᠨ᠎ᠡ ᠪᠠᠶᠢᠳᠠᠯ ᠳᠣᠤᠷ᠎ᠠ ᠲᠠᠷᠢᠶᠠᠨ ᠭᠠᠵᠠᠷ ᠢ | ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠳᠡᠢ᠂ ᠡᠶᠢᠮᠦ ᠠᠴᠠ ᠲᠣᠰ ᠲᠣᠪᠴᠢᠶ᠎ᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠴᠢᠩᠭ᠎ᠠ ᠵᠠᠭᠠᠭᠯᠠᠨ ᠲᠣᠭᠲᠠᠭᠠᠵᠤ᠂ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ | ᠴᠢᠩᠭ᠎ᠠ ᠵᠢᠷᠤᠮᠵᠢᠭᠤᠯᠵᠤ᠂ ᠣᠳᠣᠬᠠᠨ ᠤ ᠲᠠᠷᠢᠶᠠᠨ ᠭᠠᠵᠠᠷ ᠢ ᠬᠠᠮᠠᠭᠠᠯᠠᠬᠤ ᠨᠢᠭᠡᠨ ᠴᠢᠬᠤᠯᠠ ᠠᠵᠢᠯ ᠪᠣᠯᠤᠭᠰᠠᠨ | ᠪᠠᠶᠢᠨ᠎ᠠ᠃ | ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠦᠨᠳᠦᠰᠦᠨ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ | ᠰᠠᠬᠢᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠯᠤᠰ | ᠲᠦᠷᠦ ᠶᠢᠨ ᠬᠠᠷᠢᠭᠤᠴᠠᠯᠭ᠎ᠠ ᠮᠥᠨ ᠪᠥᠭᠡᠳ ᠪᠠᠰᠠ ᠴᠤ ᠬᠠᠤᠯᠢ ᠪᠠᠷ ᠲᠣᠭᠲᠠᠭᠠᠭᠰᠠᠨ ᠡᠭᠦᠷᠭᠡ ᠮᠥᠨ᠃ ᠠᠬᠢᠭᠤᠯᠬᠤ | ᠶᠠᠪᠤᠴᠠ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ︔ ᠭᠠᠵᠠᠷ ᠰᠢᠷᠣᠶ ᠶᠢᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠤᠭᠤᠳ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ | ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ | ᠢᠮᠠᠭᠲᠠ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠬᠢᠨᠠᠮᠠᠭᠠᠶ ᠰᠤᠷᠤᠯᠴᠠᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠷᠢᠶᠠᠨ ᠭᠠᠵᠠᠷ ᠢ | ᠬᠠᠮᠠᠭᠠᠯᠠᠬᠤ ᠤᠯᠠᠭᠠᠨ ᠱᠤᠭᠤᠮ ᠢ ᠥᠴᠦᠬᠡᠨ ᠴᠦ ᠭᠤᠶᠢᠪᠢᠰᠢ ᠥᠬᠡᠶ ᠪᠠᠷ ᠪᠠᠷᠢᠮᠲᠠᠯᠠᠵᠤ᠂ ᠲᠠᠷᠢᠶᠠᠨ ᠭᠠᠵᠠᠷ ᠢ | ᠬᠠᠮᠠᠭᠠᠯᠠᠬᠤ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠶᠢ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠪᠠ ᠭᠠᠵᠠᠷ ᠬᠡᠷᠡᠭᠯᠡᠬᠦ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ | ᠴᠢᠩᠭ᠎ᠠ ᠰᠠᠬᠢᠬᠤ ᠶᠢ ᠪᠠᠷᠢᠮᠲᠠᠯᠠᠨ᠂ ᠲᠠᠷᠢᠶᠠᠨ ᠭᠠᠵᠠᠷ ᠤᠨ ᠪᠣᠳᠠᠲᠠᠶ ᠲᠠᠯᠠᠪᠠᠶ ᠦᠨᠳᠦᠰᠦᠨ ᠳᠡᠭᠡᠨ ᠲᠣᠭᠲᠠᠭᠤᠨ᠂ | ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠦᠨᠡᠨ ᠬᠦ ᠪᠠᠲᠤᠯᠠᠪᠠ᠃ | ᠤᠢᠢᠷ᠎ᠠ ᠶᠢᠨ ᠵᠢᠯ ᠠᠴᠠ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠵᠤ | ᠳᠤᠷ᠎ᠠ ᠪᠠᠷ ᠢᠶᠠᠨ ᠡᠵᠡᠯᠡᠬᠦ ᠦᠵᠡᠭᠳᠡᠯ ᠠᠯᠬᠤᠮ ᠠᠯᠬᠤᠮ ᠢᠶᠠᠷ ᠪᠠᠭᠠᠰᠴᠤ᠂ ᠠᠷᠠᠳ ᠤᠯᠠᠨ ᠤ ᠭᠠᠵᠠᠷ ᠰᠢᠷᠣᠢ ᠶᠢ | ᠬᠠᠮᠠᠭᠠᠯᠠᠬᠤ ᠤᠬᠠᠮᠰᠠᠷ ᠨᠡᠶᠢᠳᠡᠮ ᠳᠡᠭᠡᠨ ᠳᠡᠭᠡᠭᠰᠢᠯᠡᠭᠰᠡᠨ ᠲᠠᠢ ᠰᠠᠯᠤᠰᠢ ᠦᠭᠡᠢ ᠶᠤᠮ᠂ ᠬᠠᠷᠢᠨ ᠤᠯᠠᠨ ᠲᠦᠮᠡᠨ ᠤ | ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠲᠠᠰᠤᠷᠠᠯᠳᠠ ᠦᠭᠡᠢ ᠴᠢᠩᠭᠠᠷᠠᠵᠤ᠂ ᠰᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠦᠨᠳᠦᠰᠦᠨ ᠱᠠᠲᠤᠨ ᠤ ᠤᠯᠤᠰ ᠤᠨ ᠭᠠᠵᠠᠷ ᠰᠢᠷᠣᠢ ᠭᠠᠵᠠᠷ ᠤᠨ ᠪᠦᠬᠦ ᠠᠵᠢᠯᠳᠠᠨ ᠤ ᠬᠠᠤᠯᠢ ᠲᠦᠭᠡᠮᠡᠯᠵᠢᠭᠦᠯᠬᠦ | ᠠᠵᠢᠯ ᠲᠠᠢ ᠭᠦᠨ ᠭᠦᠨᠵᠡᠭᠡᠢ ᠨᠠᠷᠢᠨ ᠨᠢᠭᠲᠠ ᠬᠤᠯᠪᠣᠭ᠎ᠠ ᠲᠠᠢ ᠶᠤᠮ᠃ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠠᠷᠢᠶᠠᠨ ᠭᠠᠵᠠᠷ ᠢ | ᠬᠠᠮᠠᠭᠠᠯᠠᠬᠤ ︽ᠵᠠᠮᠪᠠ︾ ᠶᠢ ᠦᠨᠡᠨ ᠬᠦ ᠴᠢᠩᠭ᠎ᠠ ᠠᠳᠬᠤᠵᠤ᠂ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ᠂ | ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠲᠠᠷᠢᠶᠠᠯᠠᠩ ᠳᠤ ᠨᠠᠩ ᠣᠯᠠᠨ ᠬᠥᠭᠵᠢᠯᠲᠡ ᠶᠢᠨ ᠣᠷᠣᠨ ᠵᠠᠶ | ᠦᠯᠡᠳᠡᠭᠡᠵᠦ᠂ ᠦᠷ᠎ᠡ ᠬᠤᠶᠢᠴᠢᠰ ᠲᠠᠭᠠᠨ ᠨᠠᠩ ᠣᠯᠠᠨ ᠰᠠᠶᠢᠨ ᠲᠠᠷᠢᠶᠠᠨ ᠬᠥᠷᠥᠰᠥ ᠪᠠ ᠪᠣᠬᠢᠷᠲᠤᠯ ᠥᠬᠡᠶ ᠲᠠᠷᠢᠶᠠᠨ | ᠭᠠᠵᠠᠷ ᠢ ᠦᠯᠡᠳᠡᠭᠡᠵᠦ ᠥᠭᠬᠦ ᠬᠡᠷᠡᠭᠲᠡᠶ ᠭᠡᠵᠦ ᠵᠢᠭᠠᠵᠦ ᠭᠠᠷᠭᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |