ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠮᠧᠩ ᠵᠧᠨ ᠨᠡᠷ ᠬᠤᠸᠠᠳᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/7

    1 ᠰᠠᠷ᠎ᠠ ᠶᠢᠨ 7 ᠤ ᠡᠳᠦᠷ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠬᠤᠪᠢᠶᠠᠷᠢ ᠪᠠᠩᠬᠢ ᠮᠧᠩ ᠵᠧᠨ ᠨᠡᠷ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ

ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠣᠤ ᠴᠦᠨ ᠬᠠᠢ ᠶᠠᠷᠢᠯᠴᠠᠬᠤ ᠬᠤᠷᠠᠯ ᠢ ᠡᠷᠬᠢᠯᠡᠪᠡ᠃

    ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠳ᠋ᠢᠶᠠᠨ ᠲᠠᠷᠢᠶᠠᠯᠠᠩ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 20 ᠭᠠᠷᠤᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ

ᠠᠬᠤᠶᠢᠯᠠᠯ ᠤᠨ ᠬᠥᠭᠵᠢᠯᠲᠡ ᠶᠢᠨ ᠬᠤᠯᠪᠣᠭᠳᠠᠯ ᠪᠥᠬᠦᠶ ᠪᠠᠶᠢᠳᠠᠯ ᠪᠠ ᠪᠠᠯᠠ ᠲᠣᠬᠢᠷᠠᠭᠤᠯᠭ᠎ᠠ ᠶᠢᠨ ᠬᠡᠷᠡᠭᠴᠡᠭᠡ

ᠱᠠᠭᠠᠷᠳᠠᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ

ᠬᠤᠶᠠᠷ ᠲᠠᠯ᠎ᠠ ᠪᠠᠷ ᠢᠶᠠᠨ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠠᠮᠲᠤ ᠪᠠᠷ ᠠᠰᠢᠭ

ᠭᠥᠷᠳᠡᠬᠦ ᠬᠥᠭᠵᠢᠯᠲᠡ ᠶᠢ ᠪᠡᠶᠡᠯᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃

    ᠳ᠋ᠢᠶᠣᠤ ᠴᠦᠨ ᠬᠠᠢ ᠮᠧᠩ ᠵᠧᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ

ᠢᠯᠡᠳᠬᠡᠵᠦ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ

ᠪᠠᠩᠬᠢ ᠨᠢ ᠬᠤᠸᠠᠳᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ

ᠪᠠᠶᠢᠭᠤᠯᠤᠯᠲᠠ ᠶᠢᠨ ᠲᠠᠯ᠎ᠠ ᠪᠠᠷ ᠠᠩᠬᠠᠷᠤᠯ ᠲᠠᠯᠪᠢᠵᠤ᠂ ᠪᠦᠬᠦ ᠰᠢᠶᠠᠨ ᠤ ᠬᠥᠭᠵᠢᠯᠲᠡ ᠶᠢᠨ ᠬᠡᠷᠡᠭᠴᠡᠭᠡ ᠶᠢᠨ

ᠲᠣᠭᠤᠷᠢᠨ ᠳᠤ᠂ ᠬᠤᠸᠠᠳᠧ ᠰᠢᠶᠠᠨ ᠳᠤ ᠤᠯᠠᠨ ᠲᠠᠯ᠎ᠠ ᠶᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠦ᠂ ᠨᠡᠩ

ᠥᠷᠭᠡᠨ ᠳᠡᠯᠭᠡᠷ ᠪᠥᠭᠡᠳ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ

ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠳᠤᠮᠳᠠ ᠨᠡᠩ ᠶᠡᠭᠡ ᠬᠥᠭᠵᠢᠯᠲᠡ ᠲᠠᠢ ᠪᠣᠯᠬᠤ ᠶᠢ

ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

    ᠮᠧᠩ ᠵᠧᠨ ᠢᠯᠡᠷᠬᠡᠶᠢᠯᠡᠬᠦ ᠳᠡᠭᠡᠨ᠂ ᠬᠤᠸᠠᠳᠧ ᠰᠢᠶᠠᠨ ᠤ ᠠᠵᠤ ᠦᠢᠯᠡᠰ ᠤᠨ ᠳᠠᠪᠠᠭᠤᠯᠢᠭ ᠢᠯᠡᠷᠬᠡᠶ᠂ ᠭᠠᠵᠠᠷ

ᠵᠦᠶ ᠶᠢᠨ ᠨᠥᠬᠦᠴᠡᠯ ᠳᠠᠪᠠᠭᠤᠯᠢᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠵᠠᠮ

ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠵᠠᠰᠠᠭ

ᠪᠠᠩᠬᠢ ᠶᠢᠨ ᠬᠠᠮᠲᠤᠷᠠᠯᠴᠠᠭᠠᠨ ᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠠᠶᠢᠨ ᠰᠠᠶᠢᠬᠠᠨ

ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠬᠦᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ

ᠲᠠᠰᠤᠷᠠᠯᠲᠠ ᠥᠬᠡᠶ ᠰᠢᠨ᠎ᠡ ᠶᠢ ᠡᠭᠦᠳᠬᠦ ᠪᠠ ᠰᠢᠯᠢᠳᠡᠭᠵᠢᠭᠦᠯᠵᠦ᠂ ᠴᠢᠨᠠᠷ ᠰᠠᠶᠢᠲᠠᠶ ᠮᠥᠩᠭᠦᠨ ᠭᠦᠢᠯᠭᠡᠭᠡᠨ ᠤ

ᠦᠢᠯᠡᠴᠢᠯᠡᠭᠡ ᠪᠠᠷ ᠬᠤᠸᠠᠳᠧ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ

ᠦᠵᠡᠭᠦᠯᠦᠨ᠎ᠡ ᠭᠡᠪᠡ᠃

    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠨ ᠤ ᠳᠣᠲᠣᠷᠠᠬᠢ ᠡᠯ᠎ᠡ

ᠬᠤᠯᠪᠣᠭᠳᠠᠯ ᠪᠥᠬᠦᠶ ᠠᠵᠤ ᠠᠬᠤᠶᠢᠯᠠᠯ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠬᠤᠪᠢᠶᠠᠷᠢ ᠪᠠᠩᠬᠢ ᠯᠤᠭ᠎ᠠ ᠲᠥᠷᠥᠯ ᠵᠦᠶ᠋ᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ

ᠱᠠᠭᠠᠷᠳᠠᠯᠭ᠎ᠠ ᠶᠢᠨ ᠲᠠᠯ᠎ᠠ ᠪᠠᠷ ᠨᠡᠪᠲᠡᠷᠡᠯᠴᠡᠨ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠵᠠᠮ

ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠳᠤ

ᠤᠯᠤᠰ ᠤᠨ ᠠᠵᠤ ᠦᠶ᠋ᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ᠂ ᠪᠠᠯᠠ ᠣᠷᠣᠭᠤᠯᠤᠯᠲᠠ ᠶᠢᠨ ᠬᠡᠪᠴᠢᠶ᠎ᠡ ᠵᠦᠶ

ᠵᠣᠬᠢᠰᠲᠠᠶ᠂ ᠣᠷᠣᠭᠤᠯᠤᠯᠲᠠ ᠭᠠᠷᠭᠠᠯᠲᠠ ᠶᠢᠨ ᠨᠣᠷᠮ᠎ᠠ ᠨᠡᠯᠢᠶᠡᠳ ᠥᠨᠳᠥᠷ᠂ ᠠᠵᠤ ᠦᠶ᠋ᠯᠡᠰ ᠤᠨ ᠳᠠᠶᠢᠴᠢᠯᠠᠬᠤ

ᠦᠶ᠋ᠯᠡᠳᠦᠯ ᠢᠶᠠᠷ ᠴᠢᠩᠭ᠎ᠠ ᠲᠥᠷᠥᠯ ᠵᠦᠶ᠋ᠯ ᠢ ᠲᠠᠨᠢᠯᠴᠠᠭᠤᠯᠵᠤ᠂ ᠲᠠᠷᠢᠶᠠᠯᠠᠩ ᠮᠠᠯ ᠠᠵᠤ ᠠᠬᠤᠶ᠂ ᠪᠣᠬᠢᠷᠲᠤᠯ ᠥᠬᠡᠶ

ᠲᠡᠮᠦᠷ ᠤᠨ ᠬᠠᠶᠢᠯᠤᠰᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠬᠤᠪᠴᠠᠰᠤ ᠬᠤᠨᠠᠷ ᠤᠨ ᠠᠵᠤ ᠦᠶ᠋ᠯᠡᠰ᠂ ᠡᠮᠴᠢᠯᠡᠭᠡ

ᠡᠷᠡᠭᠦᠯᠵᠢᠯ ᠰᠤᠪᠢᠯᠠᠯᠲᠠ ᠶᠢᠨ ᠠᠵᠤ ᠦᠶ᠋ᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶ᠋ᠯᠡᠰ᠂ ᠠᠮᠢ ᠠᠬᠤᠶ ᠶᠢᠨ

ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥᠯ ᠵᠦᠶ᠋ᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ

ᠠᠰᠠᠭᠤᠳᠠᠯ ᠢ ᠦᠨᠡᠨ ᠬᠦ ᠰᠢᠶ᠋ᠳᠪᠦᠷᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ

ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ

ᠡᠦ ᠴᠢᠯᠠᠭᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠢ᠂ ᠭᠦᠸᠧ ᠬᠤᠩ ᡁᠢ ᠵᠢᠴᠢ

ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠦᠷᠢᠶᠡᠯᠡᠩ

ᠲᠣᠭᠤᠷᠢᠭ ᠤᠨ ᠠᠯᠪᠠᠨ ᠭᠡᠷ᠂ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠭᠤᠣᠯ ᠬᠠᠷᠢᠭᠤᠴᠠᠯᠭᠠᠲᠠᠨ ᠵᠢᠴᠢ

ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠣᠮᠫᠠᠨᠢ᠂ ᠥᠪᠥᠷ ᠮᠣᠩᠭᠤᠯ ᠤᠨ ᠢᠦᠢ ᠰᠢᠶᠤᠤ ᠮᠧᠩ ᠳ᠋ᠡ ᠲᠢᠲ᠋ᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ

ᠺᠣᠮᠫᠠᠨᠢ᠂ ᠬᠤᠸᠠᠳᠧ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ

ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2