ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2025/1/8

    2024 ᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂

ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠰᠤᠷᠤᠯᠴᠠᠬᠤ

ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ᠂ ᠶᠣᠰᠣ ᠲᠦᠷᠢᠮ ᠢ

ᠲᠣᠳᠣᠷᠬᠠᠶᠢᠯᠠᠬᠤ᠂ ᠨᠠᠮᠴᠢ ᠴᠢᠨᠠᠷ ᠢ ᠴᠢᠩᠭᠠᠳᠬᠠᠬᠤ︾ ᠳᠡᠭᠡᠷ᠎ᠡ ᠬᠦᠴᠦ ᠲᠠᠯᠪᠢᠪᠠ᠃ ᠨᠠᠮ ᠤᠨ ᠰᠠᠬᠢᠯᠭ᠎ᠠ ᠪᠠᠲᠤ ᠶᠢ

ᠰᠤᠷᠤᠯᠴᠠᠬᠤ ᠰᠤᠷᠤᠯᠴᠠᠯᠭ᠎ᠠ ᠬᠥᠮᠦᠵᠢᠯ ᠤᠨ ᠳᠤᠮᠳᠠ᠂ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ

ᠠᠵᠢᠯ ᠤᠨ ᠡᠭᠦᠷᠭᠡ ᠪᠠᠨ ᠡᠭᠦᠷᠭᠡᠯᠡᠨ᠎ᠡ᠃ ᠲᠥᠷᠥᠯ ᠵᠦᠢᠯ ᠤᠨ ᠬᠡᠷᠡᠭᠵᠢᠭᠦᠯᠦᠯᠲᠡ ᠳᠤ ᠭᠦᠨᠵᠡᠭᠡᠶ ᠣᠷᠣᠯᠴᠠᠬᠤ᠂

ᠵᠥᠷᠢᠴᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠦᠢᠯᠡᠳᠦᠯᠭᠡ ᠶᠢᠨ ᠠᠵᠢᠯᠯᠠᠭ᠎ᠠ ᠳᠤ ᠭᠦᠨᠵᠡᠭᠡᠶ ᠣᠷᠣᠯᠴᠠᠬᠤ ᠪᠠᠷ

ᠳᠠᠮᠵᠢᠭᠤᠯᠤᠨ᠂ ᠥᠪᠡᠷ ᠤᠨ ᠪᠣᠳᠠᠲᠠᠶ ᠠᠵᠢᠯ ᠤᠨ ᠴᠢᠳᠠᠪᠤᠷᠢ ᠪᠠ ᠪᠤᠳᠤᠯᠢᠶᠠᠨᠲᠠᠶ ᠪᠠᠶᠢᠳᠠᠯ ᠢ ᠠᠷᠭᠠᠴᠠᠬᠤ

ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠲᠠᠯ ᠢ ᠪᠠᠷᠢᠮᠲᠠᠯᠠᠬᠤ ᠪᠣᠯ ᠰᠤᠷᠤᠯᠴᠠᠯᠭ᠎ᠠ

ᠬᠥᠮᠦᠵᠢᠯ ᠤᠨ ᠠᠮᠢᠨ ᠰᠤᠳᠠᠰᠤ ᠮᠥᠨ᠃ ᠲᠣᠰ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠡᠯ᠎ᠡ

ᠨᠠᠮ ᠤᠨ ᠡᠭᠦᠷ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠵᠣᠷᠢᠭ ᠰᠠᠨᠠᠭ᠎ᠠ ᠪᠠᠨ ᠨᠢᠭᠲᠠᠷᠠᠭᠤᠯᠵᠤ᠂ ᠰᠤᠷᠲᠠᠯ ᠢᠶᠠᠨ

ᠳᠠᠪᠲᠠᠨ ᠪᠣᠯᠪᠠᠰᠤᠷᠠᠭᠤᠯᠵᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠨ ᠤ ᠰᠢᠶᠠᠨ ᠤ ᠠᠵᠤ ᠠᠬᠤᠢ ᠶᠢᠨ ᠪᠦᠲᠦᠭᠡᠨ

ᠪᠠᠶᠢᠭᠤᠯᠤᠯᠲᠠ ᠶᠢ ᠬᠦᠴᠦᠯᠡᠨ ᠠᠬᠢᠭᠤᠯᠬᠤ ᠳᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠪᠠ᠃

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠭᠰᠢᠯᠠᠭᠤᠯᠬᠤ ᠶᠢᠨ ᠲᠥᠯᠥᠭᠡ᠃ ᠲᠣᠪᠴᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ ᠰᠢᠶᠤᠤ ᠵᠢᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ

ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃ ᠨᠠᠮ ᠤᠨ ᠭᠡᠰᠢᠭᠦᠨ ᠺᠠᠳ᠋ᠷ᠂ ᠪᠦᠬᠦ ᠠᠵᠢᠯᠳᠠᠨ

ᠠᠵᠢᠯᠴᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠢ ᠤᠶᠠᠯᠳᠤᠭᠤᠯᠵᠤ᠂ ᠪᠦᠬᠦᠳᠡ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ

ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ

ᠨᠢᠭᠡᠳᠬᠡᠬᠦ ᠬᠡᠷᠡᠭᠲᠡᠢ᠃ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ︽ᠨᠠᠮ ᠤᠨ ᠦᠭᠡ ᠶᠢ ᠰᠣᠨᠣᠰᠬᠤ᠂ ᠨᠠᠮ ᠤᠨ

ᠠᠴᠢ ᠶᠢ ᠮᠡᠳᠡᠷᠡᠬᠦ᠂ ᠨᠠᠮ ᠢᠶᠠᠨ ᠳᠠᠭᠠᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ

ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠵᠤ᠂ ︽ᠵᠢᠱᠢᠶᠡᠴᠢ ᠥᠪᠡᠷᠲᠡᠭᠡᠨ

ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ

ᠠᠬᠢᠭᠤᠯᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2