ᠰᠢᠶᠤᠤ ᠵᠧᠨ ᠢᠦᠢ ᠳᠤᠭᠤᠶᠢᠯᠠᠩ ᠳᠠᠭᠠᠭᠤᠯᠤᠨ ᠬᠤᠳᠠᠯᠳᠤᠭ᠎ᠠ ᠬᠡᠲᠦ ᠳᠡᠯᠭᠡᠭᠦᠷ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/8

   ᠬᠠᠷᠢᠶᠠᠲᠤ ᠣᠷᠣᠨ ᠤ ᠬᠤᠳᠠᠯᠳᠤᠭᠠᠨ ᠤ ᠬᠡᠲᠦ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ

ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠨᠢᠭᠡᠴᠡ ᠶᠢᠨ ᠭᠠᠯ ᠤᠨ ᠠᠶᠤᠯ ᠢ

ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠃ ᠲᠦᠷᠦᠭᠦᠬᠡᠨ᠂ ᠬᠤᠸᠠᠳᠧ

ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠤᠤ ᠵᠧᠨ ᠢᠦᠶ ᠪᠦᠯᠬᠦᠮ ᠳᠠᠭᠠᠭᠤᠯᠤᠨ ᠬᠤᠳᠠᠯᠳᠤᠭ᠎ᠠ ᠬᠡᠲᠦ

ᠳᠡᠯᠭᠡᠭᠦᠷ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ

ᠠᠵᠢᠯ ᠥᠷᠨᠢᠭᠦᠯᠪᠡ᠃

1736510430870006106.png

    ᠪᠠᠶᠢᠴᠠᠭᠠᠬᠤ ᠳᠤᠭᠤᠶᠢᠯᠠᠩ ᠤᠷᠢᠳ ᠬᠤᠵᠢᠳ ᠾᠦᠢ ᠮᠢᠨ ᠶᠤᠸᠠᠨ ᠲᠣᠭᠤᠷᠢᠭ ᠤᠨ ᠴᠤᠭᠯᠠᠭ᠎ᠠ ᠮᠠᠶᠢᠮᠠᠶ᠂ ᠲᠠᠢ

ᠳ᠋ᠧ ᠯᠦᠩ ᠬᠡᠲᠦ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠬᠤᠳᠠᠯᠳᠤᠭᠠᠨ ᠤ ᠬᠡᠲᠦ ᠳᠡᠯᠭᠡᠭᠦᠷ ᠤᠨ ᠭᠠᠯ

ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠴᠠᠬᠢᠯᠭᠠᠨ ᠭᠠᠯ

ᠰᠢᠲᠠᠮᠠᠬᠠᠶ ᠬᠡᠶ ᠶᠢᠨ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ︽ᠭᠤᠷᠪᠠ ᠶᠢ

ᠨᠢᠭᠡᠳᠬᠡᠭᠰᠡᠨ︾ ᠲᠣᠭᠲᠠᠭᠠᠯ ᠠᠴᠠ ᠵᠥᠷᠢᠴᠡᠨ ᠰᠠᠭᠤᠭ᠎ᠠ ᠬᠥᠮᠦᠨ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ

ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ

ᠪᠠᠶᠢᠴᠠᠭᠠᠯᠲᠠ ᠬᠢᠵᠦ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠬᠠᠮᠢᠶ᠎ᠠ ᠪᠥᠬᠦᠶ ᠡᠭᠦᠷᠭᠡ

ᠴᠢᠳᠠᠪᠤᠷᠢᠲᠤ ᠰᠠᠯᠠᠭ᠎ᠠ ᠮᠥᠴᠢᠷ ᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃

    ᠬᠤᠳᠠᠯᠳᠤᠭ᠎ᠠ ᠬᠡᠲᠦ ᠳᠡᠯᠭᠡᠭᠦᠷ ᠤᠨ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ

ᠰᠠᠶᠢᠲᠤᠷ ᠬᠢᠬᠦ ᠲᠤᠬᠠᠶ ᠰᠢᠶᠤᠤ ᠵᠧᠨ ᠢᠦᠶ ᠴᠢᠬᠤᠯᠠᠴᠢᠯᠠᠪᠠ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2