ᠬᠤᠸᠠᠳᠧ ᠰᠢᠶᠠᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/8

   1 ᠰᠠᠷ᠎ᠠ ᠶᠢᠨ 8 ᠤ ᠡᠳᠦᠷ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠶᠡᠭᠡ ᠬᠤᠷᠠᠯ

ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠨ ᠵᠢᠶᠦ᠋ᠨ ᠤ ᠨᠠᠶᠢᠳᠠᠯᠭ᠎ᠠ ᠪᠠᠷ᠂ ᠰᠢᠶᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠦ ᠱᠢ ᠮᠢᠩ ᠬᠤᠷᠠᠯ ᠢ ᠡᠷᠬᠢᠯᠡᠪᠡ᠃ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠠᠨ ᠰᠢᠶᠠ᠂ ᠯᠢᠦ

ᠱᠦ ᠮᠧᠶ ᠣᠷᠣᠯᠴᠠᠪᠠ᠃

1736510702739007387.jpg

    ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 32 ᠬᠥᠮᠦᠨ᠂ ᠪᠣᠳᠠᠲᠠᠢ

ᠣᠷᠣᠯᠴᠠᠭᠰᠠᠨ ᠥᠨᠥᠳᠦᠷ ᠤᠨ ᠬᠤᠷᠠᠯ ᠳᠤ ᠣᠷᠣᠯᠴᠠᠭᠰᠠᠨ ᠲᠥᠯᠥᠭᠡᠯᠡᠭᠴᠢ 26 ᠬᠥᠮᠦᠨ᠂ ᠬᠠᠤᠯᠢ ᠳᠤ

ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃

    ᠬᠤᠷᠠᠯ ᠠᠴᠠ ᠴᠠᠩ ᠳ᠋ᠠ ᠸᠧᠢ᠂ ᠹᠦ᠋ ᠵᠢᠶᠦ᠋ᠨ ᠹᠧᠩ 2 ᠨᠥᠬᠦᠳ ᠤᠨ ᠤᠯᠠᠭᠠᠨᠴᠠᠪ ᠬᠤᠳᠠ ᠶᠢᠨ ᠲᠠᠪᠤᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ

ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠲᠣᠭᠲᠠᠭᠠᠯ᠂ ︽ᠤᠯᠠᠭᠠᠨᠴᠠᠪ ᠬᠤᠳᠠ ᠶᠢᠨ ᠲᠠᠪᠤᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ

︵ᠲᠥᠰᠦᠯ︶︾᠂ ︽ᠤᠯᠠᠭᠠᠨᠴᠠᠪ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠲᠤᠬᠠᠢ ᠪᠢᠯᠧᠲ ᠬᠢᠨᠠᠭᠴᠢ ᠶᠢᠨ ᠨᠡᠷᠡᠰ ︵ᠲᠥᠰᠦᠯ︶︾ ᠢ

ᠪᠠᠲᠤᠯᠠᠵᠠᠢ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ

ᠸᠠᠩ ᠳ᠋ᠢᠶᠣᠣ ᠳ᠋ᠦᠩ᠂ ᠰᠢᠭᠦᠬᠦ ᠬᠤᠷᠢᠶᠠᠨ ᠤ ᠳᠠᠷᠤᠭ᠎ᠠ ᠼᠤᠤ ᠶᠢᠦ ᠳ᠋ᠦᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ

ᠳᠠᠷᠤᠭ᠎ᠠ ᠶᠢᠨ ᠰᠢᠦᠢ ᠳ᠋ᠦᠩ ᠬᠤᠷᠠᠯ ᠳᠤ ᠰᠤᠯᠠ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2