ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠦᠲᠦᠴᠡ ᠶᠢ ᠰᠢᠯᠢᠳᠡᠭᠵᠢᠭᠦᠯᠬᠦ᠂ ᠭᠠᠵᠠᠷ | ᠰᠢᠷᠣᠶ ᠶᠢᠨ ᠬᠠᠩᠭᠠᠯᠭ᠎ᠠ ᠶᠢᠨ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠶᠢ | ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠠᠷᠭ᠎ᠠ | ᠬᠡᠮᠵᠢᠶ᠎ᠡ ᠠᠪᠴᠤ ᠪᠥᠬᠦ ᠰᠢᠶᠠᠨ ᠤ ᠨᠡᠶᠢᠭᠡᠮ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠨᠢᠭᠡ ᠳᠤ᠂ ᠡᠬᠢ ᠪᠠᠶᠠᠯᠢᠭ ᠤᠨ ᠡᠯᠧᠮᠧᠨ᠋ᠲ ᠢᠶᠠᠷ ᠪᠠᠲᠤᠯᠠᠭ᠎ᠠ ᠪᠣᠯᠭᠠᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠪᠠᠲᠤᠯᠠᠪᠠ᠃ ᠪᠦᠲᠦᠴᠡ ᠶᠢ ᠰᠢᠯᠢᠳᠡᠭᠵᠢᠭᠦᠯᠬᠦ᠂ ᠲᠥᠷᠥᠯ ᠬᠤᠪᠢᠶᠠᠨ ᠲᠣᠬᠢᠷᠠᠭᠤᠯᠤᠨ | ᠡᠵᠡᠮᠳᠡᠬᠦ ᠭᠠᠵᠠᠷ ᠰᠢᠷᠣᠶ ᠬᠠᠩᠭᠠᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠶᠡᠬᠡᠪᠡᠷ ᠳᠠᠮᠵᠢᠵᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠤᠷᠢᠳᠠᠪᠠᠷ ᠪᠠᠲᠤᠯᠠᠵᠤ᠂ ᠭᠠᠵᠠᠷ ᠰᠢᠷᠣᠶ ᠬᠡᠷᠡᠭᠯᠡᠬᠦ ᠭᠦᠢᠴᠡᠳᠬᠡᠯ ᠲᠤᠭ᠎ᠠ ᠶᠢ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠴᠢᠬᠤᠯᠠ ᠶᠡᠭᠡ ᠰᠠᠭᠤᠷᠢ ᠪᠡᠯᠡᠳᠬᠡᠮᠵᠢ᠂ ᠠᠷᠠᠳ ᠤᠨ ᠠᠮᠢᠳᠤᠷᠠᠯ ᠤᠨ | ᠲᠥᠷᠥᠯ ᠵᠦᠢᠯ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥᠯ ᠵᠦᠢᠯ ᠲᠡᠰᠢ ᠬᠡᠯᠪᠠᠶᠢᠯᠭᠡᠨ᠎ᠡ᠃ | ᠬᠤᠶᠠᠷ ᠲᠤ᠂ ᠬᠠᠩᠭᠠᠯᠭ᠎ᠠ ᠶᠢ ᠰᠢᠯᠢᠳᠡᠭᠵᠢᠭᠦᠯᠬᠦ ᠪᠠᠷ ᠲᠤᠯᠭᠠᠭᠤᠷᠢᠯᠠᠯ ᠪᠣᠯᠭᠠᠵᠤ᠂ ᠬᠥᠭᠵᠢᠯᠲᠡ ᠶᠢᠨ ᠡᠳ᠋ ᠤᠨ | ᠬᠦᠴᠦᠨ ᠢ ᠲᠥᠪᠯᠡᠷᠡᠭᠦᠯᠦᠨ᠎ᠡ᠃ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠭᠠᠵᠠᠷ ᠰᠢᠷᠣᠶ ᠶᠢᠨ ᠦᠯᠡᠳᠡᠭᠡᠯ ᠡᠳ᠋ ᠬᠥᠷᠥᠩᠭᠡ ᠶᠢ ᠪᠥᠬᠦ ᠬᠦᠴᠦᠨ ᠢᠶᠠᠷ ᠢᠶᠠᠨ | ᠠᠮᠢᠳᠤᠯᠢᠭ ᠪᠣᠯᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ ᠦᠯᠡᠳᠡᠭᠡᠯ ᠭᠠᠵᠠᠷ ᠰᠢᠷᠣᠶ ᠶᠢ | ᠬᠤᠳᠠᠯᠳᠤᠨ ᠠᠪᠴᠤ ᠨᠥᠭᠡᠴᠡᠯᠡᠬᠦ ᠪᠠ ᠰᠢᠯᠵᠢᠭᠦᠯᠦᠨ ᠬᠤᠳᠠᠯᠳᠤᠬᠤ ᠶᠢ ᠰᠠᠶᠢᠲᠤᠷ ᠠᠳᠬᠤᠵᠤ᠂ ᠪᠠᠶᠢᠭᠠᠯᠢ ᠶᠢᠨ ᠡᠬᠢ | ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠤᠨ᠂ ᠬᠠᠳᠠᠭᠠᠯᠠᠯᠲᠠ ᠶᠢ ᠠᠮᠢᠳᠤᠯᠢᠭᠵᠢᠭᠤᠯᠵᠤ᠂ ᠳᠠᠯᠳᠠ | ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ | ᠬᠤᠳᠠᠯᠳᠤᠭᠠᠴᠢᠨ ᠤᠷᠢᠬᠤ ᠳᠤ ᠦᠢᠯᠡᠴᠢᠯᠡᠬᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ | ᠦᠢᠯᠡᠴᠢᠯᠡᠬᠦ ︽ᠲᠦᠯᠬᠢᠭᠴᠢ︾ ᠶᠢ ᠪᠠᠳᠠᠷᠠᠭᠤᠯᠤᠨ᠎ᠠ᠃ | ᠭᠤᠷᠪᠠ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠲᠦᠯᠬᠢᠭᠴᠢ ᠪᠣᠯᠭᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠪᠣᠬᠢᠷᠲᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶ᠎ᠠ᠂ ᠤᠰᠤ᠂ ᠵᠠᠮ᠂ ᠤᠢ ᠰᠢᠭᠤᠢ᠂ ᠲᠣᠰᠬᠤᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ | ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠲᠠᠷᠢᠶᠠᠯᠠᠩ ᠳᠤ ᠬᠤᠯᠪᠣᠭᠳᠠᠬᠤ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠨᠠᠷᠢᠨ ᠨᠢᠮᠪᠠᠢ ᠲᠥᠯᠥᠪᠯᠡᠵᠦ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠪᠠ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠬᠦ ᠬᠡᠷᠡᠭᠲᠡᠶ᠃ | ᠲᠦᠷᠪᠡ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠴᠣᠮᠬᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠳᠤ ᠬᠠᠷᠢᠶᠠᠯᠠᠭᠳᠠᠬᠤ ᠦᠭᠡᠢ ᠵᠦᠢᠯᠡᠰ ᠢ | ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠳ᠋ᠷ︾ ᠢ ᠨᠡᠪᠲᠡᠷᠡᠭᠦᠯᠵᠦ᠂ ᠠᠵᠢᠯ ᠶᠠᠪᠤᠳᠠᠯ ᠭᠦᠢᠴᠡᠳᠭᠡᠬᠦ ᠴᠣᠩᠬᠤᠪᠴᠢ ᠶᠢ ᠤᠷᠤᠭᠰᠢ ᠰᠢᠯᠵᠢᠭᠦᠯᠵᠦ᠂ ᠭᠠᠵᠠᠷ | ᠰᠢᠷᠣᠶ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠭᠡᠬᠦ ᠶᠢ | ᠪᠡᠶᠡᠯᠡᠭᠦᠯᠦᠨ᠎ᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |