1 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤᠰᠬᠠᠢ | ᠰᠡᠳᠦᠪᠲᠦ ᠬᠤᠷᠠᠯ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ | ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠯᠢᠶᠠᠩ ᠵᠢᠶᠦ᠋ᠨ ᠲᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶ᠎ᠠ ᠨᠢ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ | ᠰᠢᠶᠠᠨ ᠤ ᠨᠢᠭᠡᠳᠦᠮᠡᠯ ᠹᠷᠣᠨᠲ ᠤᠨ ᠬᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ | ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠳᠣᠷᠬᠠᠶ ᠲᠣᠭᠲᠠᠭᠠᠭᠰᠠᠨ ︽ᠲᠠᠪᠤᠨ ᠶᠡᠭᠡ ᠡᠭᠦᠷᠭᠡ︾ ᠶᠢ | ᠦᠷᠭᠦᠯᠵᠢᠯᠡᠨ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ | ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ | ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ | ᠭᠠᠷᠳᠠᠨ ᠬᠢᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠪᠥᠬᠦ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | | ᠬᠤᠷᠠᠯ ᠠᠴᠠ᠂ ᠨᠢᠭᠡᠳᠦᠮᠡᠯ ᠹᠷᠣᠨᠲ ᠤᠨ ᠪᠦᠬᠦ ᠺᠠᠳ᠋ᠷ ᠪᠣᠯᠤᠨ ᠨᠢᠭᠡᠳᠦᠮᠡᠯ ᠹᠷᠣᠨᠲ ᠤᠨ ᠪᠦᠷᠢᠯᠳᠦᠬᠦᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ᠂ ᠰᠢᠨ᠎ᠡ ᠵᠠᠮ ᠢᠶᠠᠷ ᠠᠶᠠᠯᠠᠨ | ᠳᠤᠮᠳᠠᠳᠤ ᠵᠢᠭᠤᠯᠴᠢᠯᠠᠯ ᠳᠤ ᠣᠷᠣᠬᠤ ᠬᠠᠷᠠᠯᠲᠠ ᠶᠢ ᠪᠡᠶᠡᠯᠡᠭᠦᠯᠵᠦ᠂ ᠨᠢᠭᠡᠳᠦᠮᠡᠯ ᠹᠷᠣᠨᠲ ᠤᠨ ᠭᠠᠵᠠᠷ ᠤᠨ ᠳᠠᠷᠤᠭ᠎ᠠ | ᠪᠣᠯᠤᠨ ᠭᠤᠣᠯ ᠶᠡᠭᠡ ᠲᠠᠯ᠎ᠠ ᠶᠢᠨ ᠬᠡᠷᠡᠭᠴᠡᠭᠡ ᠶᠢ ᠤᠶᠠᠯᠳᠤᠭᠤᠯᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠮ ᠪᠦᠯᠦᠭ ᠤᠨ ᠪᠤᠰᠤ ᠬᠥᠮᠦᠰ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠳᠡᠮᠵᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ | ᠦᠵᠡᠭᠦᠯᠬᠦ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠠᠮ ᠪᠦᠯᠦᠭ ᠤᠨ ᠪᠤᠰᠤ | ᠬᠥᠮᠦᠰ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ | ᠬᠥᠮᠦᠰ ᠤᠨ ᠲᠥᠯᠥᠭᠡᠯᠡᠭᠴᠢ᠂ ᠴᠥᠭᠡᠨ ᠲᠣᠭᠠᠲᠤ ᠦᠨᠳᠦᠰᠦᠲᠡᠨ᠂ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢ | ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |