ᠱᠠᠩᠬᠠᠢ ᠶᠢᠨ ᠴᠠᠬᠢᠯᠭᠠᠨ ᠤ ᠮᠡᠳᠡᠭᠡ ᠶᠢ ᠦᠨᠳᠦᠰᠦᠯᠡᠪᠡᠯ᠂ ᠣᠢᠷ᠎ᠠ ᠳᠤ᠂ ᠭᠤᠷᠪᠠᠨ ᠬᠠᠪᠴᠢᠯ ᠤᠨ ᠡᠨᠧᠷᠭᠢ ᠶᠢᠨ | ᠶᠡᠭᠡ ᠬᠡᠪᠴᠢᠶ᠎ᠡ ᠪᠠᠷ ᠪᠠᠭᠠᠰᠬᠠᠭᠰᠠᠨ ᠠᠭᠠᠷ ᠤᠨ ᠡᠨᠧᠷᠭᠢ ᠬᠠᠳᠠᠭᠠᠯᠠᠬᠤ ᠱᠢᠰᠲ᠋ᠧᠮ ᠪᠣᠯᠤᠨ ᠵᠠᠩᠭᠢᠯᠠᠭ᠎ᠠ ᠶᠢᠨ | ᠲᠥᠬᠦᠭᠡᠷᠦᠮᠵᠢ ᠶᠢ ᠰᠤᠳᠤᠯᠤᠨ ᠦᠢᠯᠡᠳᠬᠦ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ 110 | ᠺᠢᠯᠣ ᠸᠣᠯ ᠲ᠊ ᠤᠨ ᠳᠠᠷᠤᠯᠲᠠ ᠳᠡᠭᠡᠭᠱᠢᠯᠡᠭᠦᠯᠬᠦ ᠥᠷᠲᠡᠭᠡᠨ ᠤ ᠢᠨᠵᠧᠨᠧᠷᠢᠩ ᠥᠪᠥᠷ ᠮᠣᠩᠭᠤᠯ ᠤᠨ ᠤᠯᠠᠭᠠᠨᠴᠠᠪ | ᠬᠤᠲᠠ ᠶᠢᠨ ᠬᠤᠸᠠ ᠳᠧ ᠱᠢᠶᠠᠩ ᠳᠤ ᠠᠮᠵᠢᠯᠲᠠ ᠲᠠᠢ ᠴᠠᠬᠢᠯᠭᠠᠨ ᠬᠦᠷᠭᠡᠵᠦ᠂ ᠡᠨᠡ ᠬᠦ ᠪᠦᠬᠦ ᠪᠥᠮᠪᠥᠷᠴᠡᠭ ᠤᠨ | ᠠᠩᠬᠠᠳᠠᠭᠴᠢ ᠬᠦᠢᠲᠡᠨ ᠭᠠᠵᠠᠷ ᠣᠷᠣᠨ ᠤ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠩᠬᠢᠨᠢ ᠪᠠᠷ | ᠲᠣᠣᠷ ᠲᠤ ᠣᠷᠣᠵᠤ ᠲᠤᠷᠱᠢᠨ ᠲᠣᠬᠢᠷᠠᠭᠤᠯᠬᠤ ᠱᠠᠲᠤᠨ ᠳᠤ ᠣᠷᠣᠭᠰᠠᠨ ᠢ ᠬᠠᠷᠠᠭᠤᠯᠵᠤ ᠪᠠᠢᠨ᠎ᠠ᠃ | | ᠣᠶᠢᠯᠠᠭᠠᠭᠰᠠᠨ ᠢᠶᠠᠷ᠂ ᠲᠣᠰ ᠲᠥᠷᠥᠯ ᠵᠦᠶ᠋ᠯ ᠪᠣᠯ ᠥᠪᠥᠷ ᠮᠣᠩᠭᠤᠯ ᠤᠨ ᠠᠩᠬᠠᠳᠠᠭᠴᠢ ᠪᠦᠯᠦᠭ ᠴᠠᠬᠢᠯᠭᠠᠨ | ᠲᠣᠤᠷ ᠤᠨ ᠬᠠᠵᠠᠭᠤ ᠶᠢᠨ ᠡᠨᠧᠷᠭᠢ ᠬᠠᠳᠠᠭᠠᠯᠠᠬᠤ ᠲᠤᠰᠠᠭᠠᠷ ᠵᠢᠱᠢᠶ᠎ᠡ ᠦᠵᠡᠭᠦᠯᠬᠦ ᠲᠥᠷᠥᠯ ᠵᠦᠶ᠋ᠯ ᠪᠣᠯᠤᠨ᠎ᠠ᠂ | ᠱᠠᠩᠬᠠᠶ ᠶᠢᠨ ᠴᠠᠬᠢᠯᠭᠠᠨ ᠤ ᠬᠠᠷᠢᠶ᠎ᠠ ᠱᠠᠩᠬᠠᠶ ᠶᠢᠨ ᠴᠠᠬᠢᠯᠭᠠᠨ ᠬᠡᠢ ᠵᠢᠶᠠᠩᠰᠦ ᠶᠢᠨ ᠶᠡᠷᠦᠩᠬᠡᠶᠢᠯᠡᠭᠰᠡᠨ ᠡᠨᠧᠷᠭᠢ ᠶᠢᠨ | ᠦᠶ᠋ᠯᠡᠴᠢᠯᠡᠭᠡᠨ ᠤ ᠬᠢᠵᠠᠭᠠᠷᠲᠤ ᠺᠣᠮᠫᠠᠨᠢ ᠭᠤᠤᠯ ᠪᠣᠯᠬᠤ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ | ᠠᠬᠤᠶᠢᠯᠠᠯ ᠪᠣᠯᠤᠭᠰᠠᠨ ᠤ ᠬᠤᠪᠢ ᠳᠤ᠂ ᠮᠠᠰᠢ ᠣᠯᠠᠨ ᠥᠷᠢᠰᠥᠯᠳᠦᠭᠡᠨ ᠳᠤ ᠢᠳᠡᠪᠬᠢᠲᠡᠶ ᠬᠠᠨᠳᠤᠵᠤ᠂ ᠬᠦᠴᠦᠳᠡᠯ | ᠳᠡᠭᠡᠭᠰᠢᠯᠡᠭᠦᠯᠬᠦ ᠥᠷᠲᠡᠭᠡ ᠶᠢᠨ ᠰᠢᠷᠣᠶ ᠶᠢᠨ ᠪᠥᠲᠥᠭᠡᠨ ᠪᠠᠶᠢᠭᠤᠯᠤᠯᠲᠠ᠂ ᠭᠤᠤᠯ ᠬᠦᠴᠦᠳᠡᠯ ᠥᠭᠡᠷᠡᠴᠢᠯᠡᠭᠴᠢ ᠶᠢ | ᠤᠭᠰᠠᠷᠠᠬᠤ᠂ 110kV ᠴᠠᠬᠢᠯᠭᠠᠨ ᠲᠦᠭᠡᠭᠡᠬᠦ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠡᠭᠦᠷᠭᠡ ᠶᠢ ᠥᠨᠳᠥᠷ | ᠪᠦᠲᠦᠮᠵᠢᠲᠡᠶ ᠪᠠᠷ ᠪᠡᠶᠡᠯᠡᠭᠦᠯᠵᠦ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ | ᠶᠠᠪᠤᠭᠳᠠᠬᠤ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠵᠤ᠂ ᠣᠷᠣᠨ ᠨᠤᠲᠤᠭ ᠤᠨ ᠡᠨᠧᠷᠭᠢ ᠶᠢᠨ ᠪᠦᠲᠦᠴᠡ ᠶᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ | ᠢᠷᠡᠯᠲᠡ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠶᠢᠨ ᠡᠳᠦᠷ ᠤᠨ ᠰᠣᠨᠢᠨ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |