2 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠦ᠋ ᡁᠢ ᠢᠦᠢ ᠠᠭᠤᠷᠬᠠᠢ ᠳᠤ ᠭᠦᠨᠵᠡᠭᠡᠶᠢᠷᠡᠨ ᠠᠭᠤᠷᠬᠠᠢ ᠶᠢᠨ | ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | | ᠦ᠋ ᡁᠢ ᠢᠦᠢ ᠨᠡᠷ ᠤᠷᠢᠳ ᠬᠤᠵᠢᠳ ᠾᠧᠩ ᠰᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ | ᠲᠢᠶᠠᠨ ᠱᠦᠨ ᠬᠡᠮᠬᠡᠳᠡᠭ ᠴᠢᠯᠠᠭᠤ ᠪᠣᠯᠪᠠᠰᠤᠷᠠᠭᠤᠯᠬᠤ ᠦᠢᠯᠡᠳᠪᠦᠷᠢ᠂ ᠭᠤᠸᠠᠨ ᠸᠧᠢ ᠽᠢ ᠱᠠᠨ ᠳ᠋ᠧ ᠬᠤᠸᠠ | ᠠᠭᠤᠷᠬᠠᠢ ᠶᠢᠨ ᠦᠢᠯᠡᠳᠬᠦᠨ ᠤ ᠬᠢᠵᠠᠭᠠᠷᠲᠤ ᠺᠣᠮᠫᠠᠨᠢ᠂ ᠵᠢᠶᠠᠩ ᠰᠢᠨ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ | ᠡᠳ᠋ᠰᠢᠭᠦᠯᠬᠦ ᠬᠢᠵᠠᠭᠠᠷᠲᠤ ᠺᠣᠮᠫᠠᠨᠢ᠂ ᠰᠠᠨ ᠱᠧᠩ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠠᠭᠤᠷᠬᠠᠢ ᠶᠢᠨ ᠵᠠᠰᠠᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | ᠬᠦᠷᠦᠭᠰᠡᠨ ᠭᠠᠵᠠᠷ ᠪᠣᠯᠭᠠᠨ ᠳᠤ᠂ ᠦ᠋ ᡁᠢ ᠢᠦᠢ ᠠᠭᠤᠷᠬᠠᠢ ᠶᠢᠨ ᠵᠠᠰᠠᠯᠲᠠ᠂ ᠠᠵᠤ ᠠᠬᠤᠶᠢᠯᠠᠯ ᠤᠨ ᠠᠵᠢᠯᠯᠠᠭᠠᠨ | ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠠᠭᠤᠷᠬᠠᠢ ᠶᠢᠨ ᠵᠠᠰᠠᠯᠲᠠ᠂ ᠠᠶᠤᠯᠭᠦᠢ ᠦᠢᠯᠡᠳᠪᠦᠷᠢᠯᠡᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ | ᠠᠭᠤᠷᠬᠠᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ | ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ | ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠠᠵᠢᠯ ᠤᠨ ᠶᠠᠪᠤᠴᠠ ᠶᠢ ᠵᠢᠷᠤᠮᠵᠢᠭᠤᠯᠵᠤ᠂ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ | ᠴᠥᠬᠦᠷᠡᠰᠢ ᠦᠭᠡᠢ ᠪᠠᠶᠢᠩᠭᠤ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ | ᠲᠣᠭᠲᠠᠭᠰᠠᠨ ᠴᠠᠭ ᠦᠭᠡᠢ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠨᠴᠥᠭ ᠪᠤᠯᠤᠩ | ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠠᠬᠢ ︽ᠡᠪᠡᠷᠰᠢᠶᠡᠯ ᠲᠠᠢ︾᠂ ︽ᠲᠦᠭᠵᠢᠷᠡᠯ︾᠂ | ︽ᠬᠦᠴᠢᠷ ᠠᠰᠠᠭᠤᠳᠠᠯ︾ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠬᠢ ᠪᠠᠶᠠᠯᠢᠭ ᠤᠨ | ᠳᠠᠪᠠᠭᠤᠯᠢᠭ ᠢ ᠲᠦᠷᠭᠡᠨ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠦᠷᠭᠦᠯᠵᠢᠯᠡᠨ ᠬᠥᠭᠵᠢᠭᠦᠯᠬᠦ ᠶᠢ | ᠪᠡᠶᠡᠯᠡᠭᠦᠯᠬᠦ ᠬᠡᠷᠡᠭᠲᠡᠢ᠃ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |