ᠣᠶᠢᠷ᠎ᠠ ᠳᠤ᠂ ︽ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ 2024 ᠣᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠤᠨ ᠲᠥᠰᠦᠯ︾ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠭᠡᠰᠢᠭᠦᠨ ᠤ ᠬᠤᠭᠤᠷᠣᠨᠳᠣᠬᠢ ᠦᠵᠡᠯ | ᠰᠠᠨᠠᠭᠠᠨ ᠤ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠵᠦ | ᠭᠠᠷᠭᠠᠬᠤ ᠶᠢᠨ ᠬᠠᠮᠲᠤ ᠰᠢᠢᠳᠪᠦᠷᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ | ᠳᠠᠶᠢᠴᠢᠨ ᠬᠦᠴᠦᠨ ᠢ ᠠᠬᠢᠭᠤᠯᠬᠤ ᠶᠢᠨ ᠲᠥᠯᠥᠭᠡ ᠶᠤᠮ᠃ | ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢᠨ ᠳᠤᠮᠳᠠ᠂ ᠨᠠᠮ ᠤᠨ ᠡᠭᠦᠷ ᠠᠴᠠ ᠲᠣᠭᠲᠠᠭᠠᠭᠰᠠᠨ | ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢᠨ ᠲᠥᠰᠦᠯ ᠤᠨ ᠶᠣᠰᠣᠭᠠᠷ᠂ ᠤᠯᠤᠰ ᠲᠦᠷᠦ ᠶᠢᠨ ᠲᠠᠯ᠎ᠠ ᠪᠠᠷ | ᠬᠢᠷᠢ ᠲᠡᠩᠴᠡᠭᠰᠡᠨ᠂ ᠰᠠᠬᠢᠯᠭ᠎ᠠ ᠪᠠᠲᠤ ᠶᠢ ᠬᠡᠷᠡᠭᠵᠢᠭᠦᠯᠬᠦ᠂ ᠶᠣᠰᠣ ᠰᠤᠷᠲᠠᠬᠤᠨ ᠤ ᠬᠢᠷᠢ ᠲᠡᠩᠴᠡᠭᠰᠡᠨ ᠪᠠ | ᠦᠢᠯᠡᠳᠦᠯ ᠢᠶᠠᠨ ᠪᠠᠳᠠᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠪᠠ᠃ ᠣᠯᠠᠨ ᠢᠶᠠᠷ ᠢᠶᠠᠨ ᠦᠨᠡᠨᠴᠢ ᠪᠠᠷ | ᠬᠠᠨᠳᠤᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠵᠢᠯ ᠤᠨ ᠠᠰᠠᠭᠤᠳᠠᠯ ᠢᠶᠠᠨ ᠶᠠᠷᠢᠯᠴᠠᠬᠤ ᠪᠠᠷ ᠪᠠᠷᠠᠬᠤ | ᠦᠭᠡᠢ ᠪᠠᠰᠠ ᠦᠵᠡᠯ ᠰᠠᠨᠠᠭᠠᠨ ᠤ ᠠᠰᠠᠭᠤᠳᠠᠯ ᠢᠶᠠᠨ ᠶᠠᠷᠢᠵᠤ᠂ ᠲᠤᠰ ᠪᠡᠶ᠎ᠡ ᠶᠢᠨ ᠵᠥᠷᠢᠶ᠎ᠡ ᠪᠠᠨ ᠶᠠᠷᠢᠬᠤ ᠮᠥᠷᠲᠡᠭᠡᠨ | ᠨᠦᠬᠦᠭᠡ ᠲᠠᠯ᠎ᠠ ᠶᠢᠨ ᠢᠶᠠᠨ ᠬᠦᠷᠦᠯᠴᠡᠬᠦ ᠦᠭᠡᠢ ᠲᠠᠯ᠎ᠠ ᠪᠠᠨ ᠰᠠᠨᠠᠭᠤᠯᠵᠤ ᠪᠠᠶᠢᠨ᠎ᠠ᠃ ᠦᠨᠡᠨᠴᠢ ᠰᠣᠯᠢᠯᠴᠠᠭ᠎ᠠ ᠪᠠᠷ | ᠳᠠᠮᠵᠢᠨ᠂ ᠨᠠᠮ ᠤᠨ ᠭᠡᠰᠢᠭᠦᠳ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠯᠬᠦᠮᠳᠡᠯ ᠢ ᠴᠢᠩᠭᠠᠳᠬᠠᠪᠠ᠃ | ᠲᠣᠰ ᠤᠳᠠᠭᠠᠨ ᠤ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠳᠤ ︽ᠳᠥᠷᠪᠡᠨ ᠵᠠᠪᠠᠯ ᠶᠠᠷᠢᠯᠴᠠᠬᠤ︾ | ᠠᠷᠭ᠎ᠠ ᠬᠡᠯᠪᠡᠷᠢ ᠶᠢ ᠠᠪᠴᠤ᠂ ᠲᠤᠬᠠᠶᠢᠯᠠᠪᠠᠯ ᠪᠠᠭ ᠤᠨ ᠪᠦᠷᠢᠯᠳᠦᠬᠦᠨ ᠤ ᠬᠤᠭᠤᠷᠣᠨᠳᠣ ᠵᠠᠪᠠᠯ ᠶᠠᠷᠢᠯᠴᠠᠬᠤ᠂ ᠪᠠᠭ ᠤᠨ | ᠪᠦᠷᠢᠯᠳᠦᠬᠦᠨ ᠬᠢᠭᠡᠳ ᠰᠠᠯᠠᠭ᠎ᠠ ᠲᠠᠰᠤᠭ ᠤᠨ ᠭᠤᠤᠯ ᠬᠠᠷᠢᠭᠤᠴᠠᠯᠭᠠᠲᠠᠨ ᠨᠥᠬᠦᠳ ᠤᠨ ᠬᠤᠭᠤᠷᠣᠨᠳᠣ ᠵᠠᠪᠠᠯ | ᠶᠠᠷᠢᠯᠴᠠᠬᠤ ᠵᠡᠷᠭᠡ ᠪᠣᠯᠤᠨ᠎ᠠ᠂ ᠶᠠᠷᠢᠯᠴᠠᠭᠠᠨ ᠤ ᠪᠥᠬᠦ ᠲᠠᠯᠠᠲᠤ ᠴᠢᠨᠠᠷ ᠪᠠ ᠭᠦᠨᠵᠡᠭᠡᠶ ᠴᠢᠨᠠᠷ ᠢ ᠦᠨᠡᠨ ᠬᠦ ᠪᠠᠲᠤᠯᠠᠪᠠ᠃ | ᠡᠨᠡ ᠤᠳᠠᠭᠠᠨ ᠤ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠪᠠᠷ ᠳᠠᠮᠵᠢᠨ᠂ ᠨᠠᠮ ᠤᠨ ᠭᠡᠰᠢᠭᠦᠳ | ᠨᠡᠶᠢᠳᠡᠮ ᠳᠡᠭᠡᠨ ᠣᠯᠤᠯᠲᠠ ᠮᠠᠰᠢ ᠶᠡᠭᠡ ᠭᠡᠳᠡᠭ ᠢ ᠲᠤᠰᠬᠠᠵᠤ ᠪᠠᠶᠢᠨ᠎ᠠ᠃ ᠨᠢᠭᠡ ᠲᠠᠯ᠎ᠠ ᠪᠠᠷ᠂ ᠥᠪᠡᠷ ᠤᠨ ᠦᠵᠡᠯ | ᠰᠠᠨᠠᠭ᠎ᠠ ᠪᠠ ᠠᠵᠢᠯ ᠤᠨ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ ᠪᠠᠨ ᠤᠯᠠᠮ ᠨᠢᠭᠡ ᠠᠯᠬᠤᠮ ᠲᠠᠨᠢᠵᠤ᠂ | ᠬᠤᠶᠢᠰᠢᠳᠠ ᠶᠢᠨ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ︔ ᠨᠥᠭᠦᠭᠡ ᠲᠠᠯ᠎ᠠ ᠪᠠᠷ᠂ ᠦᠵᠡᠯ ᠰᠠᠨᠠᠭ᠎ᠠ ᠪᠠᠨ | ᠰᠣᠯᠢᠯᠴᠠᠬᠤ᠂ ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠤᠭᠤᠷᠣᠨᠳᠣᠬᠢ ᠣᠶᠢᠯᠠᠭᠠᠯᠲᠠ | ᠪᠠ ᠢᠲᠡᠭᠡᠯ ᠢ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠯᠬᠦᠮᠳᠡᠯ ᠪᠠ ᠳᠠᠪᠰᠢᠯᠲᠠ ᠳᠤ ᠰᠠᠶᠢᠨ | ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |