ᠠᠮᠢ ᠠᠬᠤᠢ ᠶᠢᠨ ᠡᠬᠢ ᠪᠠᠶᠠᠯᠢᠭ ᠤᠨ ᠪᠦᠳᠦᠭᠡᠨ ᠪᠠᠶᠢᠭᠤᠯᠤᠯᠲᠠ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ | ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠨᠢᠳᠤᠨᠤᠨ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠢᠳᠡᠪᠬᠢᠲᠡᠢ ᠲᠤᠤᠱᠯᠠᠭᠤᠯᠵᠤ᠂ ᠲᠦᠷᠪᠡᠨ ᠲᠠᠯ᠎ᠠ ᠶᠢ | ᠲᠤᠪᠤᠶᠢᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠦᠨᠡᠨᠬᠦ | ᠠᠬᠢᠭᠤᠯᠪᠠ᠃ | ᠨᠢᠭᠡ ᠳᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠦᠴᠦᠯᠡᠨ ᠠᠳᠬᠤᠨ᠎ᠠ᠃ | ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠬᠢᠯᠢ ᠶᠢᠨ | ᠵᠠᠭᠠᠭ ᠤᠨ ︽ᠭᠤᠷᠪᠠᠨ ᠬᠢᠵᠠᠭᠠᠷᠯᠠᠬᠤ ᠱᠤᠭᠤᠮ︾ ᠢ ᠵᠠᠭᠠᠭᠯᠠᠨ ᠲᠣᠭᠲᠠᠭᠠᠬᠤ ᠶᠢ ᠵᠣᠬᠢᠴᠠᠭᠤᠯᠤᠨ ᠠᠬᠢᠭᠤᠯᠵᠤ᠂ ᠠᠮᠢ | ᠠᠬᠤᠢ ᠶᠢᠨ ᠡᠬᠢ ᠡᠭᠦᠰᠦᠯ ᠤᠨ ᠬᠠᠮᠠᠭᠠᠯᠠᠯᠲᠠ ᠶᠢᠨ ᠪᠣᠳᠠᠲᠤ ᠴᠣᠭᠴᠠ ᠶᠢᠨ ᠬᠢᠯᠢ ᠶᠢᠨ ᠵᠠᠭᠠᠭ ᠢ ᠰᠠᠶᠢᠲᠤᠷ | ᠬᠠᠮᠠᠭᠠᠯᠠᠨ᠎ᠠ᠃ | ᠬᠤᠶᠠᠷ ᠲᠤ ᠲᠠᠷᠢᠶᠠᠨ ᠭᠠᠵᠠᠷ ᠪᠠ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠦᠴᠦᠯᠡᠨ ᠠᠳᠬᠤᠪᠠ᠃ | ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠲᠠᠷᠢᠶᠠᠨ ᠭᠠᠵᠠᠷ ᠢ ᠬᠠᠮᠠᠭᠠᠯᠠᠬᠤ ᠶᠢ | ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠰᠠᠨᠠᠯ︾ ᠢ | ᠲᠣᠭᠲᠠᠭᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ | ᠣᠨᠴᠠᠭᠠᠶ ᠬᠠᠮᠠᠭᠠᠯᠠᠯᠲᠠ ᠬᠢᠵᠦ᠂ ᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠵᠡᠯᠡᠨ ᠬᠡᠷᠡᠭᠯᠡᠵᠦ | ᠪᠣᠯᠬᠤ ᠥᠬᠡᠶ᠃ | ᠭᠤᠷᠪᠠ ᠳᠤ ᠠᠷᠪᠢᠲᠠᠶ ᠪᠥᠭᠡᠳ ᠳᠣᠷᠪᠢᠯᠢᠭ ᠢᠶᠠᠷ ᠠᠰᠢᠭᠯᠠᠬᠤ ᠶᠢ ᠬᠦᠴᠦᠯᠡᠨ ᠠᠳᠬᠤᠬᠤ ᠬᠡᠷᠡᠭᠲᠡᠶ᠃ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ | ᠬᠢᠵᠠᠭᠠᠷᠯᠠᠬᠤ︾ ᠶᠢ ᠦᠷᠭᠦᠯᠵᠢᠯᠡᠨ ᠬᠡᠷᠡᠭᠵᠢᠭᠦᠯᠵᠦ᠂ ᠪᠦᠬᠦ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠢ ᠶᠢ 20% ᠪᠠᠷ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ | ᠨᠠᠶᠢᠳᠠᠪᠤᠷᠢᠵᠢᠭᠤᠯᠤᠨ᠎ᠠ᠃ | ᠲᠦᠷᠪᠡ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠬᠦᠴᠦᠯᠡᠨ ᠠᠳᠬᠤᠪᠠ᠃ | ᠠᠭᠤᠷᠬᠠᠶ ᠶᠢᠨ ᠦᠢᠯᠡᠰ ᠤᠨ ᠨᠣᠭᠤᠭᠠᠷᠠᠭᠤᠯᠤᠯᠲᠠ ᠶᠢ ᠰᠡᠷᠭᠦᠭᠡᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ | ᠠᠰᠠᠭᠤᠳᠠᠯ ᠢ ᠰᠡᠷᠭᠦᠭᠡᠨ ᠵᠠᠰᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ 2024 ᠣᠨ ᠠᠴᠠ ᠨᠠᠰᠢ | ᠬᠠᠭᠠᠭᠳᠠᠭᠰᠠᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠳᠣᠬᠠᠨ ᠳᠤ ᠰᠡᠷᠭᠦᠭᠡᠨ ᠵᠠᠰᠠᠬᠤ ᠡᠭᠦᠷᠭᠡ ᠪᠠᠨ ᠪᠦᠬᠦᠨ ᠢ ᠪᠡᠶᠡᠯᠡᠭᠦᠯᠪᠡ | ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |