ᠰᠢᠨ᠎ᠡ ᠵᠢᠯ ᠤᠨ ᠰᠢᠨ᠎ᠡ ᠠᠭᠤᠷ ᠠᠮᠢᠰᠬᠤᠯ ᠳᠤ᠂ ᠲᠡᠮᠡᠴᠡᠯ ᠶᠠᠭ ᠴᠠᠭ ᠲᠠᠭᠠᠨ ᠢᠷᠡᠨ᠎ᠡ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠳᠡᠭᠡᠳᠦ | ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2025 ᠣᠨ ᠤ ᠡᠯ᠎ᠡ | ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠪᠠ᠃ ᠣᠶᠢᠷ᠎ᠠ ᠳᠤ᠂ ᠪᠠᠶᠠᠨᠲᠠᠯ᠎ᠠ ᠰᠢᠶᠠᠩ | ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠭᠡᠷ ᠲᠡᠭᠡᠨ ᠪᠠᠶᠢᠭ᠎ᠠ | ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠪᠤᠰᠤᠳ | ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | ᠬᠤᠷᠠᠯ ᠠᠴᠠ᠂ ᠪᠦᠬᠦ ᠤᠳᠤᠷᠢᠳᠬᠤ ᠺᠠᠳ᠋ᠷ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ | ᠬᠠᠷᠠᠯᠲᠠ ᠪᠠᠨ ᠲᠣᠭᠲᠠᠭᠠᠵᠤ᠂ ︽ᠠᠵᠢᠯᠯᠠᠬᠤ︾ ᠵᠣᠷᠢᠭ ᠢᠶᠠᠨ ᠪᠠᠲᠤᠳᠬᠠᠬᠤ ᠬᠡᠷᠡᠭᠲᠡᠢ︔ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ︽ᠠᠵᠢᠯᠯᠠᠬᠤ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠦᠨ ᠵᠤᠵᠠᠭᠠᠨ ︽ᠠᠵᠢᠯᠯᠠᠬᠤ︾ ᠠᠭᠤᠷ ᠠᠮᠢᠰᠬᠤᠯ ᠢ ᠪᠤᠢ ᠪᠣᠯᠭᠠᠵᠤ᠂ | 2025 ᠣᠨ ᠤ ᠪᠦᠬᠦ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠪᠠᠶᠢᠭᠤᠯᠤᠯᠲᠠ | ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ᠃ | ᠬᠤᠷᠠᠯ ᠠᠴᠠ᠂ ᠪᠠᠶᠢᠳᠠᠯ ᠢᠶᠠᠨ ᠲᠤᠬᠢᠷᠠᠭᠤᠯᠵᠤ᠂ ᠴᠤᠭ ᠰᠦᠯᠳᠡ ᠪᠠᠨ ᠬᠥᠭᠵᠢᠭᠡᠬᠦ ᠬᠡᠷᠡᠭᠲᠡᠢ᠃ ︽ᠨᠢᠭᠡ ᠡᠳᠦᠷ | ᠴᠦ ᠰᠠᠭᠠᠲᠠᠭᠠᠬᠤ ᠦᠭᠡᠢ᠂ ᠨᠢᠭᠡ ᠮᠥᠴᠡ ᠴᠦ ᠴᠠᠯᠠᠭᠠᠶᠢᠷᠠᠬᠤ ᠦᠭᠡᠢ︾ ᠠᠵᠢᠯ ᠤᠨ ᠣᠪᠣᠷ ᠢ ᠪᠠᠷᠢᠮᠲᠠᠯᠠᠵᠤ᠂ | ᠠᠵᠢᠯ ᠤᠨ ᠪᠠᠶᠢᠳᠠᠯ ᠳᠤ ᠦᠳᠲᠡᠷ ᠲᠦᠷᠭᠡᠨ ᠣᠷᠣᠪᠠ᠃ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠪᠠᠨ | ᠨᠠᠷᠢᠯᠢᠭᠵᠢᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠭᠤᠯᠭᠠᠭᠰᠠᠨ ᠡᠯ᠎ᠡ ᠵᠦᠢᠯ ᠤᠨ | ᠠᠵᠢᠯ ᠤᠨ ᠡᠭᠦᠷᠭᠡ ᠲᠠᠢ ᠬᠠᠷᠢᠴᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠨᠡ ᠵᠢᠯ ᠤᠨ ᠠᠵᠢᠯ ᠤᠨ | ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃ ᠬᠠᠷᠠᠯᠲᠠ ᠶᠢᠨ | ᠡᠭᠦᠷᠭᠡ ᠶᠢ ᠱᠠᠳᠤ ᠱᠠᠳᠤ ᠪᠠᠷ ᠵᠠᠳᠠᠯᠵᠤ᠂ ᠠᠵᠢᠯ ᠤᠨ ᠪᠠᠶᠢᠷᠢ ᠨᠢᠭᠡᠪᠦᠷᠢ᠂ ᠬᠥᠮᠦᠨ ᠨᠢᠭᠡᠪᠦᠷᠢ ᠳᠤ ᠪᠣᠳᠠᠲᠠᠢ | ᠨᠠᠷᠢᠯᠢᠬᠵᠢᠭᠤᠯᠬᠤ ᠬᠡᠷᠡᠭᠲᠡᠢ᠃ ᠡᠭᠦᠨ ᠤ ᠬᠠᠮᠲᠤ᠂ ᠠᠵᠢᠯ ᠤᠨ ᠨᠠᠷᠢᠨ ᠲᠥᠯᠥᠪᠯᠡᠭᠡ ᠪᠠ ᠴᠠᠭ ᠤᠨ ᠬᠦᠰᠦᠨᠦᠭᠲᠦ ᠶᠢ | ᠨᠠᠷᠢᠨ ᠲᠣᠭᠲᠠᠭᠠᠵᠤ᠂ ᠡᠯ᠎ᠡ ᠵᠦᠢᠯ ᠤᠨ ᠠᠵᠢᠯ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ ᠠᠷᠭ᠎ᠠ ᠬᠡᠮᠵᠢᠶ᠎ᠡ ᠪᠠᠨ ᠡᠷᠴᠢᠮᠵᠢᠭᠦᠯᠵᠦ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠃ | ᠭᠤᠷᠪᠠᠨ ᠪᠡᠯᠡ ᠶᠢᠨ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ | ᠵᠣᠭᠤᠰᠣᠨ ᠤᠭᠤᠲᠠ ᠶᠢ ᠰᠠᠶᠢᠲᠤᠷ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠥᠳᠡᠯᠭᠡᠬᠦ ᠬᠦᠴᠦᠨ ᠢ ᠬᠥᠭᠵᠢᠭᠡᠨ᠎ᠡ᠃ ︽ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ︾ ᠠᠵᠢᠯ ᠤᠨ | ᠤᠳᠤᠷᠢᠳᠤᠮᠵᠢ ᠶᠢ ᠪᠤᠢ ᠪᠣᠯᠭᠠᠵᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ᠂ | ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |