2 ᠰᠠᠷ᠎ᠠ ᠶᠢᠨ 12 ᠤᠨ ᠡᠳᠦᠷ᠂ ᠬᠤᠸᠠᠳᠧ ᠰᠢᠶᠠᠨ ᠤ 2025 ᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢᠨ ᠳ᠋ᠦᠩᠨᠡᠯᠲᠡ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠴᠠᠩᠱᠦ᠋ᠨ ᠪᠠᠯᠭᠠᠰᠤᠨ ᠤ ᠴᠠᠩ ᠹᠧᠩ | ᠨᠡᠶᠢᠭᠡᠮ ᠲᠣᠭᠤᠷᠢᠭ ᠲᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ | ᠳᠠᠷᠤᠭ᠎ᠠ᠂ ︽ᠬᠤᠶᠠᠷ ᠰᠢᠨ᠎ᠡ︾ ᠠᠵᠢᠯ ᠤᠨ ᠬᠤᠷᠢᠶᠠᠨ ᠤ ᠱᠦᠵᠢ ᠵᠠᠩ ᠶᠠᠨ ᠬᠤᠷᠠᠯ ᠡᠷᠭᠢᠯᠡᠪᠡ᠃ | | ᠬᠤᠷᠠᠯ ᠠᠴᠠ 2025 ᠣᠨ ᠤ ︽ᠡᠪᠦᠯ ᠢ ᠳᠤᠯᠠᠭᠠᠴᠠᠭᠤᠯᠬᠤ ᠠᠵᠢᠯᠯᠠᠭ᠎ᠠ︾ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠤᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠨ | ᠡᠷᠭᠢᠴᠡᠭᠦᠯᠪᠡ᠃ ᠪᠠᠶᠠᠷ ᠬᠦᠷᠭᠡᠬᠦ ᠵᠡᠷᠭᠡ ᠢᠯᠡᠷᠡᠯ ᠢᠶᠠᠷ ᠲᠣᠪᠤᠶᠢᠮ᠎ᠠ 22 ᠰᠠᠶᠢᠨ ᠳᠤᠷ᠎ᠠ ᠶᠢᠨ ᠠᠵᠢᠯᠯᠠᠭᠴᠢ ᠶᠢ | ᠬᠥᠬᠢᠭᠦᠯᠦᠨ ᠰᠠᠶᠢᠰᠢᠶᠠᠬᠤ ᠶᠢᠨ ᠬᠠᠮᠲᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃ ᠪᠦᠷᠢᠳᠬᠡᠯ ᠢ ᠦᠨᠳᠦᠰᠦᠯᠡᠪᠡᠯ᠂ | ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 10 ᠲᠠᠯᠠᠪᠤᠷ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ | 3500 ᠭᠠᠷᠤᠢ ᠬᠥᠮᠥᠨ ᠤᠳᠠᠭ᠎ᠠ ᠳᠤ ᠦᠢᠯᠡᠴᠢᠯᠡᠵᠦ᠂ ᠶᠡᠷᠦᠩᠬᠡᠢ ᠦᠢᠯᠡᠴᠢᠯᠡᠭᠡ ᠶᠢᠨ ᠴᠠᠭ ᠨᠢ 5000 | ᠴᠠᠭ ᠠᠴᠠ ᠳᠠᠪᠠᠵᠤ᠂ ᠦᠢᠯᠡᠴᠢᠯᠡᠭᠡᠨ ᠤ ᠬᠡᠪᠴᠢᠶ᠎ᠡ ᠨᠢ ᠥᠷᠭᠡᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠠᠲᠤᠯᠠᠭ᠎ᠠ᠂ | ᠨᠡᠶᠢᠭᠡᠮ ᠲᠣᠭᠤᠷᠢᠭ ᠤᠨ ᠦᠢᠯᠡᠴᠢᠯᠡᠭᠡ᠂ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠵᠡᠷᠭᠡ ᠤᠯᠠᠨ | ᠠᠷᠠᠳ ᠤᠨ ᠠᠮᠢᠳᠤᠷᠠᠯ ᠤᠨ ᠬᠦᠷᠢᠶ᠎ᠡ ᠶᠢ ᠪᠦᠷᠬᠦᠵᠦ᠂ ᠬᠤᠸᠠᠳᠧ ᠰᠢᠶᠠᠨ ᠤ ᠡᠪᠦᠯ ᠤᠨ ᠤᠯᠠᠷᠢᠯ ᠳᠤ ᠭᠦᠨ ᠵᠤᠵᠠᠭᠠᠨ | ᠬᠠᠶᠢᠷ᠎ᠠ ᠬᠠᠯᠠᠮᠵᠢ ᠶᠢ ᠨᠡᠮᠡᠭᠳᠡᠭᠦᠯᠦᠭᠰᠡᠨ ᠪᠥᠭᠡᠳ ᠤᠯᠠᠨ ᠲᠦᠮᠡᠨ ᠤ ᠠᠮᠢᠳᠤᠷᠠᠯ ᠳᠤ ᠦᠨᠡᠨ ᠪᠣᠳᠠᠲᠠᠢ | ᠬᠠᠪᠰᠤᠷᠤᠯᠭ᠎ᠠ ᠦᠵᠡᠭᠦᠯᠦᠭᠰᠡᠨ ᠪᠠᠶᠢᠨ᠎ᠠ᠃ | | ᠬᠤᠷᠠᠯ ᠠᠴᠠ᠂ ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠯᠠᠭᠤᠨ ᠰᠡᠳᠬᠢᠯᠭᠡ ᠪᠠᠷ | ᠨᠤᠲᠤᠭ ᠲᠠᠭᠠᠨ ᠪᠤᠴᠠᠭᠰᠠᠨ ᠠᠶᠠᠨᠴᠢᠳ ᠢ ᠬᠠᠮᠠᠭᠠᠯᠠᠵᠤ᠂ ᠦᠨᠡᠨ ᠰᠡᠳᠬᠢᠯ ᠠᠴᠠ ᠪᠠᠨ ᠬᠦᠴᠢᠷᠳᠡᠯᠲᠡᠢ ᠬᠥᠮᠦᠰ ᠲᠤ | ᠬᠠᠶᠢᠷ᠎ᠠ ᠬᠠᠯᠠᠮᠵᠢ ᠬᠦᠷᠭᠡᠵᠦ᠂ ᠰᠡᠭᠦᠳᠡᠷᠯᠡᠬᠦ ᠮᠠᠰᠢᠨ ᠢᠶᠠᠷ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠰᠡᠳᠬᠢᠯ ᠬᠥᠳᠡᠯᠭᠡᠮ᠎ᠡ ᠴᠤᠭ ᠵᠢᠪᠬᠤᠭ᠎ᠠ ᠶᠢ ᠲᠡᠮᠳᠡᠭᠯᠡᠵᠦ᠂ ︽ᠬᠤᠪᠢ ᠨᠡᠮᠡᠷᠢ ᠦᠵᠡᠭᠦᠯᠬᠦ᠂ | ᠨᠥᠬᠦᠷᠯᠡᠬᠦ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ | ᠲᠠᠶᠢᠯᠪᠤᠷᠢᠯᠠᠵᠠᠢ᠃ | ᠬᠤᠷᠠᠯ ᠠᠴᠠ᠂ ᠲᠤᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠪᠠᠷ ᠰᠢᠨ᠎ᠡ ᠭᠠᠷᠤᠭ᠎ᠠ ᠪᠣᠯᠭᠠᠵᠤ᠂ ᠰᠠᠶᠢᠨ | ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠵᠤ᠂ ᠦᠵᠡᠰᠬᠦᠯᠡᠩᠲᠦ | ᠰᠠᠶᠢᠬᠠᠨ ᠡᠶ᠎ᠡ ᠵᠣᠬᠢᠴᠠᠩᠭᠤᠢ ᠰᠢᠨ᠎ᠡ ᠬᠤᠸᠠᠳᠧ ᠶᠢ ᠪᠠᠶᠢᠭᠤᠯᠬᠤ ᠳᠤ ᠥᠨᠢᠳᠡ ᠶᠢᠨ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠲᠤᠰᠬᠠᠶᠢᠵᠢᠭᠰᠠᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ | ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯᠴᠢᠯᠡᠭᠰᠡᠨ ᠠᠵᠢᠯᠯᠠᠭᠠᠨ ᠢ ᠠᠬᠢᠭᠤᠯᠵᠤ᠂ ᠰᠠᠶᠢᠨ ᠳᠤᠷ᠎ᠠ ᠶᠢᠨ | ᠦᠢᠯᠡᠴᠢᠯᠡᠭᠡ ᠶᠢ ᠨᠡᠩ ᠣᠨᠣᠪᠴᠢᠲᠠᠢ᠂ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ᠃ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠨᠡᠶᠢᠭᠡᠮ ᠤᠨ ᠠᠭᠤᠷ | ᠠᠮᠢᠰᠬᠤᠯ ᠢ ᠪᠤᠢ ᠪᠣᠯᠭᠠᠵᠤ᠂ ᠨᠡᠩ ᠤᠯᠠᠨ ᠬᠥᠮᠦᠰ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ | ᠰᠠᠶᠢᠨ ᠳᠤᠷ᠎ᠠ ᠶᠢᠨ ᠦᠢᠯᠡᠴᠢᠯᠡᠭᠡ ᠶᠢ ᠬᠤᠸᠠᠳᠧ ᠰᠢᠶᠠᠨ ᠳᠤ ᠬᠡᠪ ᠵᠠᠩᠰᠢᠯ ᠪᠣᠯᠭᠠᠬᠤ ᠬᠡᠷᠡᠭᠲᠡᠢ ᠭᠡᠪᠡ᠃ | ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠡᠪᠯᠡᠯ ᠤᠨ ᠬᠤᠷᠢᠶᠠᠨ ᠤ ᠨᠠᠮ ᠤᠨ | ᠬᠤᠷᠢᠶ᠎ᠠ᠂ ᠬᠠᠶᠢᠷ᠎ᠠ ᠬᠠᠯᠠᠮᠵᠢ ᠶᠢᠨ ᠰᠠᠶᠢᠨ ᠲᠤᠷᠠᠴᠤᠳ ᠤᠨ ᠨᠡᠶᠢᠭᠡᠮᠯᠢᠭ ᠵᠢᠴᠢ ᠰᠠᠶᠢᠨ ᠲᠤᠷᠠᠴᠤᠳ ᠤᠨ | ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |