ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠶ ᠰᠡᠳᠦᠪ ᠬᠤᠷᠠᠯᠳᠤᠭᠤᠯᠪᠠ    ᠠᠷᠠᠳᠴᠢᠯᠠᠭᠰᠠᠨ ᠠᠮᠢᠳᠤᠷᠠᠯ ᠤᠨ ᠬ᠊
ᠨᠡᠶᠢᠲᠡᠯᠡᠭᠰᠡᠨ ᠴᠠᠭ᠄
2025/2/15

    2 ᠰᠠᠷ᠎ᠠ ᠶᠢᠨ 14 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ

ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠯᠲᠠ ᠶᠢᠨ ᠳᠤᠭᠤᠶᠢᠯᠠᠩ ᠤᠨ ᠲᠣᠭᠤᠷᠢᠨ

ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠶ ᠰᠡᠳᠦᠪᠲᠦ

ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂

ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠳ᠋ᠢᠶᠣᠤ

ᠴᠦᠨ ᠬᠠᠢ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠰᠢᠶᠠᠨ ᠤ ᠲᠠᠪᠤᠳᠤᠭᠠᠷ

ᠵᠢᠯᠣᠭᠤᠳᠬᠤ ᠳᠤᠭᠤᠶᠢᠯᠠᠩ ᠦᠨᠡᠯᠡᠯᠲᠡ ᠬᠢᠵᠡᠢ᠃

    ᠬᠤᠷᠠᠯ ᠠᠴᠠ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ

ᠪᠠᠭ ᠤᠨ 2023 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠥᠪ ᠤᠨ ᠨᠠᠢᠮᠠᠨ ᠲᠣᠭᠲᠠᠭᠠᠯ ᠵᠢᠴᠢ

ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠰᠤᠷᠲᠠᠯ ᠤᠨ

ᠪᠠᠶᠢᠭᠤᠯᠤᠯᠲᠠ ᠶᠢ ᠴᠢᠩᠭᠠᠳᠬᠠᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ

ᠪᠡᠯᠡᠳᠬᠡᠯ ᠪᠠᠶᠢᠳᠠᠯ ᠢ ᠵᠠᠷᠯᠠᠨ ᠮᠡᠳᠡᠭᠳᠡᠵᠦ᠂ ᠳ᠋ᠢᠶᠤᠤ ᠴᠦᠨ ᠬᠠᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ

ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠥᠪᠡᠷ ᠤᠨ

ᠵᠠᠳᠠᠯᠤᠯᠲᠠ ᠬᠢᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ

ᠪᠤᠰᠤᠳ ᠪᠦᠷᠢᠯᠳᠦᠬᠦᠨ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ

ᠥᠷᠨᠢᠭᠦᠯᠪᠡ᠃

    ᠳ᠋ᠢᠶᠣᠤ ᠴᠦᠨ ᠬᠠᠢ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ

ᠬᠤᠷᠠᠯ ᠢᠶᠠᠷ ᠳᠠᠮᠵᠢᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠪᠠᠰᠠ

ᠨᠢᠭᠡ ᠤᠳᠠᠭ᠎ᠠ ᠶᠢᠨ ᠢᠳᠡᠪᠬᠢᠲᠡᠢ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ

ᠳᠠᠪᠲᠠᠯᠲᠠ ᠶᠢ ᠥᠩᠭᠡᠷᠡᠭᠡᠵᠦ᠂ ᠤᠬᠠᠮᠰᠠᠷ ᠠᠴᠠ ᠪᠠᠨ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ

ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠤᠨᠤᠯ ᠢᠶᠠᠷ ᠵᠡᠪᠰᠡᠭᠯᠡᠬᠦ ᠶᠢ ᠴᠢᠨᠠᠭᠰᠢᠳᠠ ᠴᠢᠩᠭᠠᠳᠬᠠᠵᠤ᠂

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ

ᠬᠡᠷᠡᠭᠲᠡᠢ᠃ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ

ᠠᠳᠬᠤᠵᠤ᠂ ᠰᠤᠷᠤᠯᠴᠠᠵᠤ ᠪᠠᠶᠢᠴᠠᠭᠠᠨ ᠦᠵᠡᠭᠰᠡᠨ ᠦᠷ᠎ᠡ ᠪᠦᠲᠦᠭᠡᠯ ᠢᠶᠠᠨ ᠭᠤᠣᠯᠳᠠᠯᠭ᠎ᠠ ᠶᠢᠨ ᠲᠣᠭᠤᠷᠢᠨ ᠳᠤ ᠶᠡᠭᠡ

ᠲᠠᠯ᠎ᠠ ᠳᠤ ᠦᠢᠯᠡᠴᠢᠯᠡᠬᠦ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠣᠯᠭᠠᠨ ᠬᠤᠪᠢᠷᠠᠭᠤᠯᠵᠤ᠂ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ

ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2