ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠭᠤᠷᠪᠠᠨ ᠬᠡᠪ ᠤᠨ ᠪᠠᠶᠢᠳᠠᠯ︾ ᠢ ᠴᠢᠩᠭᠠᠳᠬᠠᠵᠤ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ ᠠᠳᠬᠤᠪᠠ
ᠨᠡᠶᠢᠲᠡᠯᠡᠭᠰᠡᠨ ᠴᠠᠭ᠄
2025/2/17

    ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ

ᠬᠠᠮᠠᠭᠠᠯᠠᠬᠤ︾ ᠶᠢ ᠪᠡᠶᠡᠯᠡᠭᠦᠯᠵᠦ᠂ ᠤᠬᠠᠭᠤᠯᠭ᠎ᠠ ᠬᠥᠮᠦᠵᠢᠯ ᠢ ᠭᠤᠤᠯᠳᠠᠯᠭ᠎ᠠ ᠲᠠᠢ ᠪᠠᠶᠢᠭᠤᠯᠵᠤ᠂ ᠵᠠᠩᠭᠢᠯᠠᠭ᠎ᠠ ᠶᠢᠨ

ᠴᠡᠭ ᠢ ᠴᠢᠩᠭ᠎ᠠ ᠠᠩᠬᠠᠷᠴᠤ᠂ ︽ᠭᠤᠷᠪᠠᠨ ᠪᠠᠶᠢᠩᠭᠤᠵᠢᠭᠤᠯᠬᠤ︾ ᠲᠣᠭᠲᠠᠴᠠ ᠶᠢ ᠢᠯᠡ ᠪᠠᠷ ᠪᠠᠶᠢᠴᠠᠭᠠᠵᠤ ᠳᠠᠯᠳᠠᠭᠤᠷ

ᠰᠤᠷᠪᠤᠯᠵᠢᠯᠠᠵᠤ᠂ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ ᠠᠳᠬᠤᠪᠠ᠃

    ᠨᠢᠭᠡ ᠳᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ

ᠬᠢᠨᠠᠮᠠᠭᠠᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ

ᠳᠦᠷᠢᠮ︾᠂ ︽ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠷᠢᠮᠵᠢᠶ᠎ᠠ︾ ᠪᠠ ︽ᠳᠦᠷᠢᠮ︾ ᠢ ᠲᠥᠪᠯᠡᠷᠡᠭᠦᠯᠦᠨ

ᠰᠤᠷᠤᠯᠴᠠᠵᠤ᠂ ᠪᠦᠬᠦ ᠺᠠᠳ᠋ᠷ ᠠᠵᠢᠯᠲᠠᠳ ᠲᠤ ᠲᠦᠭᠡᠭᠡᠨ ᠥᠭᠴᠦ᠂ ᠨᠠᠮ ᠤᠨ ᠡᠭᠦᠷ᠂ ᠰᠢᠶᠠᠩ ᠪᠠᠯᠭᠠᠰᠤᠨ ᠤ

ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠲᠠᠰᠤᠭ ᠤᠨ ᠡᠯ᠎ᠡ ᠨᠢᠭᠡᠴᠡ ᠶᠢ ᠲᠥᠪᠯᠡᠷᠡᠭᠦᠯᠦᠨ ᠰᠤᠷᠤᠯᠴᠠᠬᠤ᠂

ᠥᠪᠡᠷ ᠢᠶᠠᠨ ᠰᠤᠷᠤᠯᠴᠠᠬᠤ᠂ ᠣᠯᠤᠯᠲᠠ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠦᠷᠢᠮ ᠲᠣᠭᠲᠠᠭᠠᠯ

ᠳᠠᠷᠠᠭᠠᠯᠠᠨ ᠰᠤᠷᠤᠯᠴᠠᠵᠤ᠂ ᠪᠣᠳᠠᠲᠠᠢ ᠲᠣᠭᠲᠠᠭᠠᠯ ᠢ ᠣᠶᠢᠯᠠᠭᠠᠬᠤ ᠶᠢᠨ ᠬᠠᠮᠲᠤ ᠡᠨᠡ ᠰᠠᠭᠤᠷᠢᠨ ᠳᠡᠭᠡᠷ᠎ᠡ ᠪᠢᠴᠢᠭ ᠤᠨ

ᠰᠢᠯᠭᠠᠯᠲᠠ ᠬᠢᠵᠦ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ ᠦᠷ᠎ᠡ ᠪᠦᠲᠦᠮᠵᠢ ᠳᠤ ᠬᠦᠷᠭᠡᠬᠦ ᠬᠡᠷᠡᠭᠲᠡᠢ ᠭᠡᠵᠦ

ᠱᠠᠭᠠᠷᠳᠠᠪᠠ᠃ ᠴᠢᠬᠤᠯᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠦᠷᠴᠦ ᠢᠷᠡᠬᠦ ᠠᠴᠠ ᠡᠮᠦᠨ᠎ᠡ᠂ ᠣᠯᠠᠨ

ᠲᠦᠮᠡᠨ ᠤ ᠮᠡᠳᠡᠭᠳᠡᠯ ᠲᠠᠷᠬᠠᠭᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠸᠢᠴᠠᠲ ᠵᠡᠷᠭᠡ ᠠᠷᠭ᠎ᠠ ᠵᠠᠮ ᠢᠶᠠᠷ

ᠳᠠᠮᠵᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠭ᠎ᠠ᠂ ᠠᠷᠢᠭᠤᠨ ᠴᠢᠬᠡᠴᠢ ᠰᠠᠨᠠᠭᠠᠴᠢᠯᠠᠭ᠎ᠠ ᠶᠢᠨ

ᠪᠢᠴᠢᠭ ᠵᠡᠷᠭᠡ ᠶᠢ ᠲᠠᠷᠬᠠᠭᠠᠵᠤ᠂ ᠡᠯ᠎ᠡ ᠵᠦᠢᠯ ᠤᠨ ᠰᠤᠷᠲᠠᠯ ᠤᠨ ︽ᠴᠠᠭᠠᠵᠠᠯᠠᠬᠤ ᠵᠠᠷᠯᠢᠭ︾ ᠢ ᠬᠥᠮᠦᠰ ᠤᠨ

ᠰᠡᠳᠬᠢᠯ ᠳᠤ ᠬᠠᠳᠠᠩᠰᠢᠭᠤᠯᠵᠠᠶ᠃

    ᠬᠤᠶᠠᠷ ᠲᠤ᠂ ᠴᠢᠬᠤᠯᠠ ᠵᠠᠩᠭᠢᠯᠠᠭ᠎ᠠ ᠶᠢᠨ ᠴᠡᠭ ᠢ ᠪᠠᠶᠢᠩᠭᠤᠵᠢᠭᠤᠯᠬᠤ ᠶᠢ ᠴᠢᠩᠭ᠎ᠠ ᠠᠩᠬᠠᠷᠬᠤ ᠬᠡᠷᠡᠭᠲᠡᠢ᠃

ᠴᠢᠬᠤᠯᠠ ᠵᠠᠩᠭᠢᠯᠠᠭ᠎ᠠ ᠶᠢᠨ ᠴᠡᠭ ᠤᠨ ᠰᠤᠷᠲᠠᠯ ᠤᠨ ᠠᠰᠠᠭᠤᠳᠠᠯ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ

ᠴᠢᠩᠭᠠᠷᠠᠭᠤᠯᠵᠤ᠂ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠠᠯᠪᠠᠨ ᠤ ᠲᠡᠷᠭᠡ ᠶᠢ ᠳᠤᠷ᠎ᠠ ᠪᠠᠷ ᠢᠶᠠᠨ ᠬᠡᠷᠡᠭᠯᠡᠬᠦ᠂

ᠬᠤᠷᠢᠮ ᠪᠡᠯᠪᠡᠰᠦᠷᠡᠯ ᠬᠢᠬᠦ᠂ ᠶᠡᠭᠡ ᠪᠠᠷ ᠬᠢᠵᠦ ᠶᠡᠭᠡ ᠪᠠᠷ ᠬᠢᠬᠦ ᠵᠡᠷᠭᠡ ᠲᠦᠷᠢᠮ ᠲᠣᠭᠲᠠᠭᠠᠯ ᠰᠠᠬᠢᠯᠭ᠎ᠠ ᠪᠠᠲᠤ ᠶᠢ

ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ ᠲᠤᠰᠬᠠᠶ

ᠢᠯᠡᠴᠢᠯᠡᠨ ᠮᠡᠳᠡᠭᠦᠯᠬᠦ ᠤᠲᠠᠰᠤ ᠪᠠ ᠡᠯᠧᠺᠳ᠋ᠷᠣᠨ ᠰᠢᠤᠳᠠᠨ ᠤ ᠬᠠᠶᠢᠷᠴᠠᠭ ᠭᠠᠷᠭᠠᠵᠤ᠂ ᠣᠯᠠᠨ ᠲᠦᠮᠡᠨ ᠤ ᠬᠢᠨᠠᠯᠲᠠ

ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠲᠣᠪᠴᠢᠶ᠎ᠠ ᠶᠢᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ

ᠪᠠᠶᠢᠴᠠᠭᠠᠬᠤ ᠳᠤᠭᠤᠶᠢᠯᠠᠩ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠢᠯᠡᠴᠢᠯᠡᠨ ᠮᠡᠳᠡᠭᠦᠯᠦᠭᠰᠡᠨ

ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ ᠪᠠᠶᠢᠴᠠᠭᠠᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠠᠭ ᠲᠤᠬᠠᠶ ᠳᠤᠨᠢ

ᠢᠯᠡᠴᠢᠯᠡᠨ ᠮᠡᠳᠡᠭᠦᠯᠦᠭᠴᠢ ᠳᠤ ᠬᠠᠷᠢᠭᠤ ᠲᠤᠰᠬᠠᠬᠤ ᠬᠡᠷᠡᠭᠲᠡᠶ᠃

    ᠭᠤᠷᠪᠠ ᠳᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠪᠠᠶᠢᠩᠭᠤᠵᠢᠭᠤᠯᠪᠠ᠃ ᠲᠣᠪᠴᠢᠶ᠎ᠠ ᠶᠢᠨ

ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠤᠰᠬᠠᠶᠢᠯᠠᠨ ᠢᠯᠡ ᠪᠠᠷ ᠪᠠᠶᠢᠴᠠᠭᠠᠵᠤ

ᠳᠠᠯᠳᠠᠭᠤᠷ ᠰᠤᠷᠪᠤᠯᠵᠢᠯᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠣᠰ ᠲᠣᠰ ᠲᠣᠪᠴᠢᠶ᠎ᠠ ᠶᠢᠨ ᠪᠠᠶᠢᠭᠤᠯᠭ᠎ᠠ ᠶᠢᠨ

ᠠᠯᠪᠠᠨ ᠶᠠᠪᠤᠳᠠᠯ ᠤᠨ ᠵᠣᠴᠢᠯᠠᠭ᠎ᠠ᠂ ᠠᠵᠢᠯ ᠳᠤ ᠭᠠᠷᠬᠤ ᠠᠵᠢᠯ ᠠᠴᠠ ᠪᠠᠭᠤᠵᠦ ᠠᠵᠢᠯ ᠳᠤ ᠭᠠᠷᠣᠭᠰᠠᠨ᠂ ᠠᠵᠢᠯ ᠤᠨ

ᠪᠠᠶᠢᠷᠢ ᠳᠤ ᠪᠠᠶᠢᠬᠤ᠂ ᠦᠢᠯᠡᠴᠢᠯᠡᠭᠡᠨ ᠤ ᠣᠪᠣᠷ᠂ ᠠᠵᠢᠯᠯᠠᠬᠤ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ

ᠵᠡᠷᠭᠡ ᠠᠰᠠᠭᠤᠳᠠᠯ ᠳᠤ ᠪᠠᠶᠢᠩᠭᠤ ᠶᠢᠨ ᠪᠠᠶᠢᠴᠠᠭᠠᠯᠲᠠ ᠬᠢᠪᠠ᠃ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠶ᠂

ᠴᠠᠭᠠᠵᠠᠯᠠᠵᠤ ᠪᠠᠶᠢᠪᠠᠴᠤ ᠵᠣᠭᠰᠣᠭᠠᠬᠤ ᠦᠭᠡᠶ᠂ ᠰᠦᠷᠦᠨ ᠬᠢᠵᠦ ᠰᠠᠬᠢᠯᠭ᠎ᠠ ᠪᠠᠲᠤ ᠠᠴᠠ ᠵᠥᠷᠢᠴᠡᠭᠰᠡᠨ ᠨᠡᠶᠢᠲᠡᠯᠢᠭ

ᠬᠡᠷᠡᠭ ᠢ ᠭᠤᠤᠯᠳᠠᠯᠭ᠎ᠠ ᠲᠠᠢ ᠪᠠᠶᠢᠴᠠᠭᠠᠨ ᠰᠢᠶ᠋ᠳᠪᠦᠷᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠂ ᠢᠯᠡ ᠪᠠᠷ

ᠣᠯᠠᠨ ᠳᠤ ᠢᠯᠡ ᠦᠵᠡᠭᠦᠯᠬᠦ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2