ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠤᠯᠠᠮᠵᠢᠯᠠᠯᠲᠤ ᠰᠣᠶᠣᠯ ᠤᠨ | ᠥᠪᠡᠷᠮᠢᠴᠡ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠳᠤᠷ᠎ᠠ ᠰᠣᠨᠢᠷᠬᠠᠯ ᠢ | ᠬᠥᠭᠵᠢᠭᠡᠬᠦ ᠶᠢᠨ ᠲᠥᠯᠥᠭᠡ᠂ ᠡᠷᠬᠢᠮ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠨᠠᠩ ᠰᠠᠶᠢᠲᠤᠷ | ᠣᠶᠢᠯᠭᠠᠨ ᠤᠯᠠᠮᠵᠢᠯᠠᠬᠤ ᠶᠢᠨ ᠲᠥᠯᠥᠭᠡ ᠶᠤᠮ᠃ ᠲᠦᠷᠦᠭᠦᠬᠡᠨ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ︽ᠨᠤᠲᠤᠭ | ᠤᠰᠤᠨ ᠤ ᠪᠠᠨ ᠪᠣᠳᠠᠰ ᠤᠨ ᠪᠤᠰᠤ ᠰᠣᠶᠣᠯ ᠤᠨ ᠥᠪ ᠢ ᠡᠳ᠋ᠯᠡᠵᠦ ᠤᠯᠠᠮᠵᠢᠯᠠᠨ ᠵᠠᠯᠭᠠᠮᠵᠢᠯᠠᠬᠤ ᠰᠠᠶᠢᠬᠠᠨ︾ | ᠵᠠᠯᠠᠭᠤᠴᠤᠳ ᠪᠠᠭᠠᠴᠤᠳ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | ᠠᠵᠢᠯᠯᠠᠭ᠎ᠠ ᠶᠢᠨ ᠳᠤᠮᠳᠠ᠂ ᠯᠦ ᠪᠠᠨ ᠰᠠᠨᠳᠠᠯᠢ ᠳᠡᠭᠡᠷᠡᠬᠢ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠵᠢᠩ ᠬᠤᠩ᠂ ᠵᠠᠯᠠᠭᠤᠴᠤᠳ ᠪᠠᠭᠠᠴᠤᠳ ᠤᠯᠠᠮᠵᠢᠯᠠᠯᠲᠤ ᠭᠠᠷ ᠤᠷᠠᠯᠠᠯ ᠤᠨ ᠭᠠᠶᠢᠬᠠᠮᠰᠢᠭ ᠢ | ᠪᠡᠶ᠎ᠡ ᠪᠠᠷ ᠢᠶᠠᠨ ᠣᠶᠢᠯᠠᠭᠠᠵᠤ᠂ ᠠᠷᠠᠳ ᠤᠨ ᠵᠠᠩ ᠦᠢᠯᠡ ᠶᠢᠨ ᠦᠯᠢᠭᠡᠷ ᠢ ᠰᠣᠨᠣᠰᠤᠭᠠᠳ ᠰᠡᠳᠬᠢᠯ ᠬᠥᠳᠡᠯᠭᠡᠮ᠎ᠡ | ᠬᠦᠭ ᠠᠶᠠᠰ ᠢ ᠴᠢᠪᠬᠠᠳᠠᠵᠤ᠂ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠲᠡᠦᠬᠡ ᠶᠢᠨ ᠬᠤᠷᠠᠮᠳᠤᠯ ᠪᠠ | ᠥᠪᠡᠷᠮᠢᠴᠡ ᠦᠨᠳᠦᠰᠦᠲᠡᠨ ᠤ ᠤᠶᠠᠩᠭ᠎ᠠ ᠶᠢ ᠣᠶᠢᠯᠠᠭᠠᠪᠠ᠃ ᠲᠤᠬᠠᠶ ᠶᠢᠨ ᠲᠠᠯᠠᠪᠤᠷ ᠲᠤ᠂ ᠤᠶᠤᠲᠠᠳ ᠤᠨ ᠰᠠᠶᠢᠨ | ᠳᠤᠷ᠎ᠠ ᠶᠢᠨ ᠦᠢᠯᠡᠴᠢᠯᠡᠭᠴᠢ ᠯᠦ ᠹᠧᠨ ᠤ ᠠᠭᠤᠤ ᠶᠡᠭᠡ ᠠᠮᠵᠢᠯᠲᠠ ᠪᠦᠲᠦᠮᠵᠢ ᠪᠠ ᠭᠠᠷᠮᠠᠭᠠᠶ ᠣᠶᠤᠨ | ᠤᠬᠠᠭᠠᠨ ᠢᠶᠠᠨ ᠥᠭᠦᠯᠡᠵᠦ᠂ ᠡᠨᠡ ᠬᠦ ᠡᠷᠲᠡᠨ ᠤ ᠠᠪᠤᠷᠭᠤ ᠳᠠᠷᠬᠠᠨ ᠤᠷᠠᠨ ᠨᠠᠷᠢᠯᠢᠭ ᠤᠷ᠎ᠠ ᠮᠡᠷᠭᠡᠵᠢᠯ ᠪᠠ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠠᠷ ᠢᠶᠠᠨ ᠲᠡᠦᠬᠡ ᠶᠢᠨ ᠤᠷᠲᠤ ᠮᠥᠷᠡᠨ ᠳᠤ ᠥᠩᠭᠡ ᠪᠤᠳᠤᠭ ᠲᠠᠢ ᠬᠠᠭᠤᠳᠠᠰᠤ ᠶᠢ | ᠦᠯᠡᠳᠡᠭᠡᠵᠡᠶ᠃ ᠬᠡᠦᠬᠡᠳ ᠤᠳ ᠯᠦ ᠪᠠᠨ ᠤ ᠳᠣᠮᠣᠭᠲᠤ ᠠᠮᠢᠳᠤᠷᠠᠯ ᠳᠤᠮᠳᠠ ᠰᠣᠭᠲᠣᠭᠤᠷᠠᠵᠤ᠂ ᠡᠨᠡ ᠠᠭᠤᠤ ᠶᠡᠭᠡ | ᠳᠠᠷᠬᠠᠳ ᠢ ᠪᠢᠰᠢᠷᠡᠨ ᠪᠢᠰᠢᠷᠡᠬᠦ ᠰᠡᠳᠬᠢᠯᠭᠡ ᠪᠠᠷ ᠪᠢᠯᠬᠠᠵᠤ᠂ ᠤᠳᠠᠯ ᠦᠭᠡᠢ ᠣᠶᠢᠷᠠᠲᠤᠬᠤ ᠪᠠᠷ ᠪᠠᠶᠢᠭ᠎ᠠ ᠯᠦ ᠪᠠᠨ | ᠰᠠᠨᠳᠠᠯᠢ ᠳᠤ ᠰᠣᠨᠢᠨ ᠪᠥᠭᠡᠳ ᠬᠦᠰᠡᠯ ᠡᠷᠡᠮᠡᠯᠵᠡᠯ ᠪᠢᠯᠬᠠᠮ᠎ᠠ ᠪᠠᠶᠢᠯ᠎ᠠ᠃ | | ᠳᠠᠷᠠᠭ᠎ᠠ ᠨᠢ᠂ ᠬᠡᠦᠬᠡᠳ ᠤᠳ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠵᠢᠩ ᠬᠤᠩ | ᠪᠠᠭᠰᠢ ᠶᠢᠨ ᠠᠯᠬᠤᠭ᠎ᠠ ᠶᠢ ᠳᠠᠭᠠᠵᠤ᠂ ᠨᠢᠭᠤᠴᠠ ᠳᠠᠯᠳᠠ ᠤᠷᠠᠨ ᠳᠠᠷᠬᠠᠨ ᠤ ᠶᠢᠷᠲᠢᠨᠴᠦ ᠳᠤ ᠣᠷᠣᠵᠤ᠂ ᠡᠷᠲᠡᠨ ᠤ | ᠬᠥᠮᠦᠨ ᠤ ᠣᠶᠤᠨ ᠤᠬᠠᠭᠠᠨ ᠤ ᠦᠷ᠎ᠡ ᠪᠦᠲᠦᠭᠡᠯ ᠢ ᠪᠡᠶ᠎ᠡ ᠪᠠᠷ ᠢᠶᠠᠨ ᠮᠡᠳᠡᠷᠡᠪᠡ᠃ ᠯᠦ ᠪᠠᠨ ᠰᠠᠨᠳᠠᠯᠢ ᠵᠡᠷᠭᠡ | ᠤᠯᠠᠮᠵᠢᠯᠠᠯᠲᠤ ᠤᠷ᠎ᠠ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠪᠤᠷᠢᠯᠠᠯᠲᠠ ᠪᠠᠷ ᠳᠠᠮᠵᠢᠨ᠂ ᠵᠠᠯᠠᠭᠤᠴᠤᠳ | ᠪᠠᠭᠠᠴᠤᠳ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠨᠡᠩ ᠭᠦᠨᠵᠡᠭᠡᠢ | ᠣᠶᠢᠯᠠᠭᠠᠬᠤ ᠶᠢᠨ ᠬᠠᠮᠲᠤ ᠪᠠᠰᠠ ᠥᠪᠡᠷ ᠤᠨ ᠥᠩᠭᠡᠷᠡᠯᠲᠡ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠯ ᠢᠶᠠᠨ ᠬᠤᠪᠢᠶᠠᠯᠴᠠᠭᠰᠠᠨ ᠪᠥᠭᠡᠳ ᠰᠤᠷᠤᠭᠴᠢᠳ ᠢ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ ᠯᠦ ᠪᠠᠨ ᠰᠠᠨᠳᠠᠯᠢ ᠦᠢᠯᠡᠳᠬᠦ ᠤᠷ᠎ᠠ ᠮᠡᠷᠭᠡᠵᠢᠯ ᠨᠢ | ᠨᠠᠷᠢᠨ ᠪᠤᠳᠤᠯᠢᠶᠠᠨᠲᠠᠢ ᠪᠠᠶᠢᠵᠤ᠂ ᠬᠢᠬᠦ ᠶᠠᠪᠤᠴᠠ ᠳᠤ᠂ ᠬᠢᠷᠦᠬᠡᠯᠡᠬᠦ᠂ ᠬᠡᠷᠴᠢᠬᠦ᠂ ᠦᠷᠦᠬᠦ᠂ ᠥᠷᠥᠮᠳᠡᠬᠦ᠂ ᠴᠣᠭᠤᠯᠬᠤ᠂ | ᠰᠢᠷᠳᠡᠬᠦ ᠵᠡᠷᠭᠡ ᠬᠡᠳᠦᠨ ᠠᠷᠪᠠᠨ ᠠᠵᠢᠯ ᠤᠨ ᠳᠡᠰ ᠳᠠᠷᠠᠭ᠎ᠠ ᠰᠠᠶ᠋ᠢ ᠳᠠᠭᠤᠰᠳᠠᠭ᠃ ︽ᠯᠦ ᠪᠠᠨ ᠰᠠᠨᠳᠠᠯᠢ ᠪᠣᠯ ᠡᠯ᠎ᠡ | ᠦᠨᠳᠦᠰᠦᠲᠡᠨ ᠨᠢᠭᠲᠠ ᠬᠤᠯᠪᠣᠯᠳᠤᠵᠤ᠂ ᠨᠢᠭᠲᠠ ᠬᠠᠮᠵᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠬᠤᠯᠪᠣᠭ᠎ᠠ ᠲᠠᠢ ᠶᠤᠮ᠂ ᠳᠤᠮᠳᠠᠳᠤ ᠶᠢᠨ | ᠦᠨᠳᠦᠰᠦᠲᠡᠨ ᠤ ᠤᠯᠠᠨ ᠡᠰᠢᠲᠦ ᠨᠢᠭᠡ ᠴᠤᠭᠴᠠᠵᠢᠭᠰᠠᠨ ᠪᠠᠶᠢᠷᠢᠰᠢᠯ ᠤᠨ ᠪᠢᠴᠢᠯ ᠪᠥᠭᠡᠳ ᠠᠮᠢᠳᠤᠯᠢᠭ ᠢᠯᠡᠷᠡᠯ | ᠮᠥᠨ︾ ᠭᠡᠵᠦ ᠬᠡᠯᠡᠪᠡ᠃ ᠵᠢᠩ ᠬᠤᠩ ᠪᠠᠭᠰᠢ ᠬᠡᠯᠡᠭᠰᠡᠨ ᠨᠢ᠃ | ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠭᠦᠨᠵᠡᠭᠡᠢ ᠠᠭᠤᠯᠤᠭᠳᠠᠬᠤᠨ ᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠬᠤ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠪᠠᠳᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ | ᠤᠯᠠᠨ ᠵᠠᠯᠠᠭᠤᠴᠤᠳ ᠪᠠᠭᠠᠴᠤᠳ ᠢ ᠰᠣᠶᠣᠯ ᠤᠨ ᠤᠮᠤᠭ ᠰᠦᠷ ᠤᠨ ᠳᠤᠮᠳᠠ ᠦᠨᠳᠦᠰᠦᠲᠡᠨ ᠤ ᠬᠠᠷᠢᠶᠠᠯᠠᠭᠳᠠᠬᠤ | ᠰᠡᠳᠬᠢᠯᠭᠡ᠂ ᠮᠡᠳᠡᠷᠡᠬᠦ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ᠂ ᠤᠯᠠᠨ ᠤ ᠤᠯᠠᠮᠵᠢᠯᠠᠯᠲᠤ | ᠰᠣᠶᠣᠯ ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠦ᠂ ᠨᠤᠲᠤᠭ | ᠤᠰᠤᠨ ᠤ ᠪᠠᠨ ᠰᠠᠶᠢᠨ ᠰᠠᠶᠢᠬᠠᠨ ᠢᠷᠡᠭᠡᠳᠦᠢ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |