ᠲᠠᠷᠢᠶᠠᠨ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠭᠠᠵᠠᠷ ᠬᠡᠷᠡᠭᠯᠡᠬᠦ ᠶᠢᠨ | ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠶᠢᠨ ᠲᠥᠯᠥᠭᠡ᠂ ᠪᠦᠬᠦ ᠰᠢᠶᠠᠨ ᠤ ᠲᠠᠷᠢᠶᠠᠨ ᠭᠠᠵᠠᠷ ᠤᠨ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠬᠡᠷᠡᠭᠯᠡᠯᠲᠡ ᠶᠢ ᠬᠤᠪᠢᠷᠠᠭᠤᠯᠬᠤ ᠦᠭᠡᠢ᠂ ᠶᠠᠰᠤ ᠴᠢᠨᠠᠷ ᠢ | ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠪᠠ᠃ ᠨᠢᠳᠤᠨᠤᠨ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ︽ᠭᠤᠷᠪᠠᠨ ᠬᠦᠴᠦᠨ ᠢ ᠵᠡᠷᠭᠡᠪᠡᠷ ᠬᠥᠭᠵᠢᠭᠦᠯᠵᠦ︾᠂ ᠲᠠᠷᠢᠶᠠᠨ ᠭᠠᠵᠠᠷ ᠢ ᠬᠠᠮᠠᠭᠠᠯᠠᠬᠤ | ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠪᠠ᠃ | ᠨᠢᠭᠡ ᠳᠤ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠤᠳᠤᠷᠢᠳᠤᠮᠵᠢ ᠶᠢᠨ ᠬᠦᠴᠦᠨ ︽4 · 22︾ ᠤ | ᠳᠡᠯᠡᠬᠡᠢ ᠶᠢᠨ ᠪᠥᠮᠪᠥᠷᠴᠡᠭ ᠤᠨ ᠡᠳᠦᠷ᠂ ︽6 · 25︾ ᠤ ᠪᠦᠬᠦ ᠤᠯᠤᠰ ᠤᠨ ᠭᠠᠵᠠᠷ ᠰᠢᠷᠣᠢ ᠶᠢᠨ ᠡᠳᠦᠷ᠂ ︽ | 12 · 4︾ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠳᠦᠷ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠨ | ᠲᠠᠷᠢᠶᠠᠨ ᠭᠠᠵᠠᠷ ᠢ ᠬᠠᠮᠠᠭᠠᠯᠠᠬᠤ ᠤᠬᠠᠭᠤᠯᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠪᠠ᠃ ᠲᠡᠷᠡᠴᠢᠯᠡᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ | ᠦᠶ᠎ᠡ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠤᠬᠠᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢ ᠴᠠᠭ ᠢᠮᠠᠭᠲᠠ ᠮᠠᠷᠲᠠᠬᠤ ᠦᠭᠡᠢ᠂ ᠬᠠᠤᠯᠢ ᠶᠢ ᠵᠥᠷᠢᠴᠡᠨ ᠭᠠᠵᠠᠷ ᠡᠵᠡᠯᠡᠭᠰᠡᠨ ᠲᠤᠬᠠᠢ ᠶᠢᠨ | ᠬᠥᠮᠦᠨ ᠵᠢᠴᠢ ᠲᠡᠭᠦᠨ ᠤ ᠳᠡᠷᠭᠡᠳᠡᠬᠢ ᠲᠣᠰᠬᠤᠨ ᠤ ᠠᠷᠠᠳ ᠲᠤ ᠥᠷᠭᠡᠨ ᠢᠶᠠᠷ ᠤᠬᠠᠭᠤᠯᠵᠤ᠂ ᠬᠦᠯᠢᠴᠡᠩᠭᠦᠢ ᠪᠠᠷ | ᠲᠠᠶᠢᠯᠪᠤᠷᠢᠯᠠᠬᠤ ᠠᠵᠢᠯ ᠢ ᠬᠢᠵᠦ᠂ ᠲᠡᠳᠡᠨ ᠳᠤ ᠲᠠᠷᠢᠶᠠᠨ ᠭᠠᠵᠠᠷ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠪᠠ᠃ | | ᠬᠤᠶᠠᠷ ᠲᠤ᠂ ᠬᠦᠳᠡᠯᠦᠩᠬᠦᠢ ᠪᠠᠷ ᠲᠣᠭᠤᠷᠢᠨ ᠪᠠᠶᠢᠴᠠᠭᠠᠵᠤ ᠠᠩᠬᠠᠷᠬᠤ ᠬᠦᠴᠦᠨ ᠮᠥᠨ᠃ ᠡᠯ᠎ᠡ ᠵᠦᠢᠯ ᠤᠨ | ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ | ᠬᠥᠳᠡᠯᠦᠩᠭᠦᠶ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠠᠪᠲᠠᠮᠵᠢ ᠪᠣᠯᠤᠨ | ᠨᠢᠭᠲᠠᠴᠠ ᠶᠢ ᠨᠡᠮᠡᠭᠳᠡᠭᠦᠯᠵᠦ᠂ ᠲᠣᠭᠤᠷᠢᠨ ᠪᠠᠶᠢᠴᠠᠭᠠᠬᠤ ᠪᠦᠷᠬᠦᠴᠡ ᠶᠢ ᠥᠷᠭᠡᠳᠬᠡᠨ᠎ᠡ᠃ ᠴᠠᠭ ᠬᠤᠭᠤᠴᠠᠭᠠᠨ ᠤ | ᠲᠠᠯ᠎ᠠ ᠪᠠᠷ ᠬᠤᠭᠤᠰᠣᠨ ᠲᠠᠩᠰᠠ ᠦᠯᠡᠳᠡᠭᠡᠬᠦ ᠥᠬᠡᠶ᠂ ᠣᠷᠣᠨ ᠵᠠᠶ ᠶᠢᠨ ᠲᠠᠯ᠎ᠠ ᠪᠠᠷ ᠥᠨᠴᠥᠭ ᠪᠤᠯᠤᠩ ᠦᠯᠡᠳᠡᠭᠡᠬᠦ | ᠥᠬᠡᠶ ᠪᠠᠶᠢᠵᠤ᠂ ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ ᠬᠠᠤᠯᠢ ᠠᠴᠠ ᠵᠥᠷᠢᠴᠡᠨ ᠭᠠᠵᠠᠷ | ᠬᠡᠷᠡᠭᠯᠡᠭᠰᠡᠨ ᠦᠢᠯᠡ ᠠᠵᠢᠯᠯᠠᠭ᠎ᠠ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠨ᠎ᠠ᠃ | ᠭᠤᠷᠪᠠ ᠳᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠬᠦᠴᠦᠨ᠃ ᠲᠠᠷᠢᠶᠠᠨ ᠭᠠᠵᠠᠷ ᠢ | ᠡᠵᠡᠯᠡᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ᠦᠢᠯᠡ ᠠᠵᠢᠯᠯᠠᠭ᠎ᠠ ᠳᠤ᠂ ᠡᠯ᠎ᠡ ᠦᠨᠳᠦᠰᠦᠨ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠪᠣᠯᠤᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠶᠣᠰᠣᠭᠠᠷ ᠭᠠᠵᠠᠷ ᠬᠡᠷᠡᠭᠯᠡᠬᠦ | ᠭᠠᠷᠳᠠᠮ ᠣᠯᠤᠭᠠᠳᠤᠶ ᠳᠤᠷ᠎ᠠ ᠪᠠᠷ ᠢᠶᠠᠨ ᠠᠵᠢᠯ ᠡᠬᠢᠯᠡᠭᠦᠯᠵᠦ ᠥᠨᠢᠳᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ | ᠬᠢᠭᠰᠡᠨ᠂ ᠲᠠᠷᠢᠶᠠᠯᠠᠩ ᠳᠤ ᠬᠡᠷᠡᠭᠯᠡᠬᠦ ᠭᠠᠵᠠᠷ ᠳᠡᠭᠡᠷ᠎ᠡ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠭᠰᠡᠨ | ᠪᠠᠶᠢᠪᠠᠯ᠂ ᠲᠠᠷᠢᠶᠠᠨ ᠭᠠᠵᠠᠷ ᠢ ᠡᠪᠳᠡᠭᠰᠡᠨ ᠪᠤᠶᠤ ᠲᠠᠷᠢᠶᠠᠨ ᠭᠠᠵᠠᠷ ᠳᠡᠭᠡᠷ᠎ᠡ ᠬᠠᠤᠯᠢ ᠪᠤᠰᠤ ᠪᠠᠷ ᠪᠦᠲᠦᠭᠡᠨ | ᠪᠠᠶᠢᠭᠤᠯᠤᠯᠲᠠ ᠬᠢᠭᠰᠡᠨ ᠪᠠᠶᠢᠪᠠᠯ᠂ ᠡᠭᠦᠷᠭᠡ ᠬᠠᠷᠢᠭᠤᠴᠠᠯᠭ᠎ᠠ ᠪᠠ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ | ᠴᠢᠩᠭ᠎ᠠ ᠵᠢᠷᠤᠮᠯᠠᠨ ᠴᠥᠮ ᠬᠠᠤᠯᠢ ᠲᠣᠭᠲᠠᠭᠠᠯ ᠶᠣᠰᠣᠭᠠᠷ ᠲᠤᠤᠱᠲᠠᠶ ᠪᠠᠶᠢᠴᠠᠭᠠᠨ ᠰᠢᠢᠳᠪᠦᠷᠢᠯᠡᠵᠦ᠂ ᠰᠢᠳᠬᠡᠵᠦ | ᠲᠣᠷᠭᠠᠬᠤ ᠶᠢ ᠪᠣᠳᠠᠲᠠᠶᠢᠵᠢᠭᠤᠯᠵᠤ᠂ ᠰᠢᠯᠵᠢᠭᠦᠯᠦᠨ ᠲᠤᠰᠢᠶᠠᠵᠤ᠂ ᠨᠤᠷᠠᠭᠠᠨ ᠠᠷᠢᠯᠭᠠᠬᠤ ᠶᠢ ᠪᠣᠳᠠᠲᠠᠶᠢᠵᠢᠭᠤᠯᠤᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |