ᠰᠢᠶᠠᠨ ᠤ ᠬᠢᠨᠠᠨ ᠪᠤᠳᠤᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/2/19

    ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ

ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ

ᠬᠠᠷᠢᠭᠤᠴᠠᠯᠭ᠎ᠠ ᠶᠢ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃

    ᠨᠢᠭᠡ ᠳᠤ᠂ ᠬᠢᠨᠠᠬᠤ ᠠᠴᠠ ᠡᠮᠦᠨᠡᠬᠢ ᠬᠢᠴᠢᠶᠡᠯ ᠢ ᠭᠦᠢᠴᠡᠳ ᠬᠢᠵᠦ᠂ ᠮᠡᠳᠡᠯᠭᠡ ᠶᠢᠨ ᠨᠥᠭᠡᠴᠡ ᠶᠢ

ᠪᠠᠶᠠᠯᠢᠭᠵᠢᠭᠤᠯᠪᠠ᠃ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ᠂ ᠬᠢᠨᠠᠨ ᠪᠤᠳᠤᠯᠲᠠ ᠬᠢᠯᠭᠡᠭᠰᠡᠨ ᠨᠢᠭᠡᠴᠢ ᠶᠢᠨ

ᠲᠤᠬᠠᠶᠢᠯᠠᠭᠰᠠᠨ ᠠᠵᠢᠯ ᠤᠨ ᠠᠵᠢᠯᠯᠠᠭᠠᠨ᠂ ᠳᠣᠲᠣᠭᠠᠳᠤ ᠡᠵᠡᠮᠳᠡᠯ ᠤᠨ ᠲᠦᠷᠢᠮ ᠤᠨ ᠪᠠᠶᠢᠭᠤᠯᠤᠯᠲᠠ᠂ ᠡᠳ᠋ ᠤᠨ

ᠶᠠᠪᠤᠳᠠᠯ ᠤᠨ ᠬᠠᠮᠢᠶᠠᠷᠤᠯᠲᠠ ᠵᠡᠷᠭᠡ ᠪᠠᠶᠢᠳᠠᠯ ᠢ ᠭᠦᠢᠴᠡᠳ ᠪᠠᠶᠢᠴᠠᠭᠠᠨ ᠣᠶᠢᠯᠠᠭᠠᠵᠤ᠂ ᠬᠢᠨᠠᠨ ᠪᠤᠳᠤᠯᠲᠠ ᠬᠢᠯᠭᠡᠭᠰᠡᠨ

ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠢ ᠰᠤᠳᠤᠯᠵᠤ᠂ ᠬᠠᠮᠢᠶᠠᠷᠤᠯᠲᠠ ᠶᠢᠨ ᠪᠠᠶᠢᠳᠠᠯ ᠢ ᠲᠣᠳᠣᠷᠬᠠᠶ

ᠤᠶᠢᠯᠠᠭᠠᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠬᠢᠨᠠᠨ ᠪᠤᠳᠤᠬᠤ ᠭᠤᠤᠯᠳᠠᠯᠭ᠎ᠠ ᠶᠢ ᠣᠨᠣᠪᠴᠢᠲᠠᠶ ᠡᠷᠢᠨ

ᠣᠯᠵᠤ᠂ ᠬᠢᠨᠠᠨ ᠪᠤᠳᠤᠯᠲᠠ ᠶᠢᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠨ᠎ᠠ᠃

    ᠬᠤᠶᠠᠷ ᠲᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠳᠤᠮᠳᠠ᠂

ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠠᠬᠢᠴᠠ ᠶᠢᠨ ᠬᠤᠷᠠᠯ

ᠬᠤᠷᠠᠯᠳᠤᠭᠤᠯᠵᠤ᠂ ᠬᠢᠨᠠᠨ ᠪᠤᠳᠤᠬᠤ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠭᠦᠢᠴᠡᠳ ᠤᠶᠢᠯᠠᠭᠠᠨ᠂ ᠬᠢᠨᠠᠨ

ᠪᠤᠳᠤᠬᠤ ᠬᠡᠷᠡᠭᠵᠢᠭᠦᠯᠬᠦ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠰᠤᠳᠤᠯᠵᠤ᠂ ᠠᠵᠢᠯ ᠤᠨ

ᠰᠡᠳᠬᠢᠮᠵᠢ ᠪᠠᠨ ᠲᠣᠳᠣᠷᠬᠠᠶᠢᠯᠠᠨ᠂ ᠬᠢᠨᠠᠨ ᠪᠤᠳᠤᠬᠤ ᠳᠤᠮᠳᠠ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ

ᠰᠢᠢᠳᠪᠦᠷᠢᠯᠡᠵᠦ᠂ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃

    ᠭᠤᠷᠪᠠ ᠳᠤ᠂ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠪᠠ᠃ ᠲᠥᠷᠥᠯ ᠵᠦᠢᠯ ᠤᠨ ᠶᠠᠰᠤ ᠴᠢᠨᠠᠷ

ᠪᠣᠯ ᠬᠢᠨᠠᠨ ᠪᠤᠳᠤᠬᠤ ᠠᠵᠢᠯ ᠤᠨ ︽ᠠᠮᠢᠨ ᠰᠤᠳᠠᠰᠤ︾ ᠪᠣᠯᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠢᠨᠠᠨ

ᠪᠤᠳᠤᠬᠤ ᠡᠬᠢ ᠪᠠᠶᠠᠯᠢᠭ ᠪᠠ ᠬᠦᠴᠦᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠬᠢᠨᠠᠨ ᠪᠤᠳᠤᠵᠤ

ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠰᠤᠳᠤᠯᠤᠨ ᠮᠠᠭᠠᠳᠯᠠᠬᠤ ᠡᠷᠴᠢᠮ ᠢ ᠴᠢᠩᠭᠠᠷᠠᠭᠤᠯᠵᠤ᠂ ᠠᠵᠢᠯ ᠤᠨ

ᠲᠣᠬᠢᠷᠠᠭᠤᠯᠤᠯᠲᠠ᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠵᠡᠷᠭᠡ ᠶᠢ ᠥᠷᠨᠢᠭᠦᠯᠵᠦ᠂ ᠬᠢᠨᠠᠨ ᠪᠤᠳᠤᠬᠤ ᠶᠢ

ᠬᠡᠷᠡᠭᠵᠢᠭᠦᠯᠬᠦ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃

    ᠳᠥᠷᠪᠡ ᠳᠤ ᠲᠤᠭ᠎ᠠ ᠪᠠᠷᠢᠮᠲᠠ ᠳᠤ ᠡᠨᠧᠷᠭᠢ ᠣᠯᠭᠤᠬᠤ ᠶᠢ ᠪᠠᠷᠢᠮᠲᠠᠯᠠᠨ᠎ᠠ᠃ ᠬᠡᠪ ᠤᠨ ᠪᠤᠰᠤ ᠲᠤᠭ᠎ᠠ

ᠬᠡᠮᠵᠢᠶᠡᠨ ᠤ ᠬᠠᠷᠢᠴᠠᠯ᠂ ᠲᠦᠢᠯ ᠤᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠬᠤ᠂ ᠣᠯᠠᠨ ᠬᠦᠰᠦᠨᠦᠭᠲᠦ ᠲᠠᠢ

ᠬᠤᠯᠪᠣᠭᠳᠠᠭᠤᠯᠤᠨ ᠪᠠᠶᠢᠴᠠᠭᠠᠨ ᠯᠠᠪᠯᠠᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠢᠨᠠᠨ ᠪᠤᠳᠤᠬᠤ

ᠰᠡᠵᠢᠭ ᠲᠠᠢ ᠴᠡᠭ ᠢ ᠨᠠᠷᠢᠯᠢᠭ ᠣᠨᠣᠴᠠᠲᠠᠶ ᠪᠠᠷ ᠲᠦᠷᠭᠡᠨ ᠲᠣᠭᠲᠠᠭᠠᠬᠤ ᠬᠡᠷᠡᠭᠲᠡᠶ᠃

    ᠲᠠᠪᠤ ᠳᠤ᠂ ᠳ᠋ᠦᠩᠨᠡᠨ ᠪᠣᠯᠪᠠᠰᠤᠷᠠᠭᠤᠯᠬᠤ ᠠᠵᠢᠯ ᠢ ᠴᠢᠩᠭᠠᠳᠬᠠᠬᠤ ᠬᠡᠷᠡᠭᠲᠡᠢ᠃ ᠬᠢᠨᠠᠨ ᠪᠤᠳᠤᠬᠤ ᠲᠥᠷᠥᠯ ᠵᠦᠢᠯ

ᠳᠠᠭᠤᠰᠤᠭᠰᠠᠨ ᠤ ᠳᠠᠷᠠᠭ᠎ᠠ᠂ ︽ᠡᠷᠭᠢᠵᠦ ᠬᠠᠷᠠᠬᠤ︾ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠣᠯᠤᠭᠰᠠᠨ

ᠦᠷ᠎ᠡ ᠪᠦᠲᠦᠭᠡᠯ ᠢ ᠪᠣᠯᠪᠠᠰᠤᠷᠠᠭᠤᠯᠤᠨ ᠰᠣᠯᠢᠯᠴᠠᠵᠤ᠂ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ

ᠳ᠋ᠦᠩᠨᠡᠵᠦ᠂ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠡᠷᠢᠨ ᠭᠠᠷᠭᠠᠵᠤ᠂

ᠡᠬᠢ ᠡᠭᠦᠰᠦᠯ ᠠᠴᠠ ᠨᠢ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ

ᠬᠡᠮᠵᠢᠶ᠎ᠡ ᠶᠢ ᠳᠤᠷᠠᠳᠤᠨ ᠭᠠᠷᠭᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2