2025 ᠣᠨ ᠤ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/2/19

    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ

ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠡᠪ ᠬᠠᠮᠲᠤ

ᠵᠠᠯᠠᠭᠤᠴᠤᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠃

ᠲᠦᠷᠦᠭᠦᠬᠡᠨ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ 2025 ᠣᠨ ᠤ ᠵᠠᠯᠠᠭᠤᠴᠤᠳ ᠤᠨ ᠠᠵᠢᠯ ᠣᠯᠵᠤ

ᠠᠳᠠᠯ ᠦᠢᠯᠡᠰ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃

1739942459420070292.jpg

    ᠪᠣᠯᠪᠠᠰᠤᠷᠠᠯ ᠤᠨ ᠠᠩᠭᠢ ᠠᠳᠠᠯᠢ ᠪᠤᠰᠤ ᠬᠦᠷᠢᠶᠡᠨ ᠤ ᠪᠠᠭᠰᠢ ᠶᠢ ᠤᠷᠢᠵᠤ ᠯᠧᠺᠲ᠋ᠣᠷ ᠪᠣᠯᠭᠠᠵᠤ᠂

ᠵᠠᠯᠠᠭᠤᠴᠤᠳ ᠲᠤ ᠬᠠᠮᠤᠭ ᠤᠨ ᠦᠨᠳᠦᠰᠦᠨ ᠱᠠᠲᠤᠨ ᠳᠤ ᠬᠦᠷᠬᠦ ᠮᠡᠳᠡᠯᠭᠡ ᠶᠢᠨ ᠤᠯᠠᠮᠵᠢᠯᠠᠯ ᠪᠠ ᠮᠡᠷᠭᠡᠵᠢᠯ ᠤᠨ

ᠵᠢᠯᠤᠭᠤᠳᠤᠯᠭ᠎ᠠ ᠬᠠᠩᠭᠠᠪᠠ᠃ ᠪᠣᠯᠪᠠᠰᠤᠷᠠᠯ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠭᠤᠷᠪᠠᠳᠤᠭᠠᠷ ᠪᠦᠬᠦᠳᠡ ᠬᠤᠷᠠᠯ ᠤᠨ ᠭᠤᠣᠯ ᠰᠡᠳᠦᠪ᠂ ᠴᠢᠬᠤᠯᠠ ᠶᠡᠭᠡ ᠠᠴᠢ ᠬᠤᠯᠪᠣᠭᠳᠠᠯ ᠯᠤᠭ᠎ᠠ ᠨᠢᠭᠲᠠ

ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ

ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠳᠡᠵᠦ᠂ ᠵᠠᠯᠠᠭᠤᠴᠤᠳ ᠤᠨ ᠬᠦᠴᠦᠨ ᠢᠶᠠᠷ ᠡᠷᠡᠯᠬᠡᠭᠯᠡᠨ

ᠤᠷᠤᠭᠰᠢᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠤᠨ

ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠢᠶᠠᠨ ᠴᠢᠷᠮᠠᠶᠢᠪᠠ᠃

    ᠬᠢᠴᠢᠶᠡᠯᠯᠡᠬᠦ ᠪᠠᠭᠰᠢ ᠨᠠᠷ ︽ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ︾ ᠪᠠᠷ

ᠭᠤᠤᠯ ᠰᠡᠳᠦᠪ ᠪᠣᠯᠭᠠᠵᠤ᠂ ᠰᠤᠷᠤᠯᠴᠠᠭᠰᠠᠳ ᠤᠨ ᠶᠡᠷᠦᠩᠬᠡᠶᠢᠯᠡᠭᠰᠡᠨ ᠬᠡᠪ ᠴᠢᠨᠠᠷ ᠬᠢᠭᠡᠳ ᠪᠣᠳᠠᠲᠤ ᠪᠠᠶᠢᠯᠳᠤᠭᠠᠨ ᠤ

ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠢᠴᠢᠶᠡᠯ ᠨᠢᠭᠡᠪᠦᠷᠢ ᠨᠢ ᠴᠥᠮ ᠣᠶᠤᠨ ᠤᠬᠠᠭᠠᠨ ᠤ

ᠭᠠᠯ ᠢᠶᠠᠷ ᠪᠢᠯᠬᠠᠵᠤ᠂ ᠰᠤᠷᠤᠭᠴᠢᠳ ᠤᠨ ᠢᠷᠡᠭᠡᠳᠦᠶ ᠶᠢᠨ ᠲᠤᠬᠠᠶ ᠬᠢᠵᠠᠭᠠᠯᠠᠰᠢ ᠥᠬᠡᠶ ᠬᠦᠰᠡᠯ ᠡᠷᠡᠮᠡᠯᠵᠡᠯ ᠢ

ᠬᠥᠭᠵᠢᠭᠡᠪᠡ᠂ ᠡᠭᠦᠨ ᠠᠴᠠ ᠭᠠᠳᠠᠨ᠎ᠠ ᠪᠠᠰᠠ ᠠᠳᠠᠯ ᠦᠢᠯᠡᠰ ᠴᠣᠭᠴᠠᠯᠠᠬᠤ ᠵᠠᠯᠠᠭᠤᠴᠤᠳ ᠢ ᠤᠷᠢᠵᠤ ᠠᠳᠠᠯ ᠦᠢᠯᠡᠰ

ᠴᠣᠭᠴᠠᠯᠠᠨ ᠠᠵᠢᠯ ᠣᠯᠭᠤᠬᠤ ᠲᠤᠷᠰᠢᠯᠭ᠎ᠠ ᠪᠠᠨ ᠬᠤᠪᠢᠶᠠᠯᠴᠠᠭᠤᠯᠤᠨ ᠣᠶᠢᠯᠠᠭᠠᠭᠤᠯᠵᠤ᠂ ᠲᠡᠳᠡ ᠥᠪᠡᠷ ᠤᠨ

ᠪᠡᠶ᠎ᠡ ᠪᠠᠷ ᠢᠶᠠᠨ ᠥᠩᠭᠡᠷᠡᠭᠦᠯᠵᠦ᠂ ᠰᠤᠷᠤᠭᠴᠢᠳ ᠲᠤ ᠬᠥᠬᠡᠷᠡᠵᠦ ᠪᠠᠶᠢᠭᠰᠠᠨ ᠠᠴᠠ ᠪᠠᠨ ᠪᠣᠯᠪᠠᠰᠤᠷᠠᠩᠭᠤᠶ ᠪᠣᠯᠤᠭᠰᠠᠨ

ᠬᠤᠪᠢᠷᠠᠯᠲᠠ ᠶᠢᠨ ᠶᠠᠪᠤᠴᠠ ᠶᠢ ᠶᠠᠷᠢᠵᠤ ᠥᠭᠴᠦ᠂ ᠠᠳᠠᠯ ᠦᠢᠯᠡᠰ ᠴᠣᠭᠴᠠᠯᠠᠭᠰᠠᠨ ᠡᠷᠬᠢᠮ ᠨᠠᠨᠳᠢᠨ

ᠲᠥᠷᠥᠭᠳᠡᠯ ᠢᠶᠠᠨ ᠬᠤᠪᠢᠶᠠᠯᠴᠠᠨ ᠬᠤᠪᠢᠶᠠᠯᠴᠠᠭᠰᠠᠨ ᠪᠠᠶᠢᠨ᠎ᠠ᠃

    ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠵᠠᠯᠠᠭᠤᠴᠤᠳ ᠤᠨ ᠬᠥᠭᠵᠢᠯᠲᠡ ᠶᠢᠨ

ᠬᠡᠷᠡᠭᠴᠡᠭᠡ ᠳᠤ ᠰᠠᠭᠤᠷᠢᠯᠠᠵᠤ᠂ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ᠂ ᠢᠯᠠᠩᠭᠤᠶ᠎ᠠ ᠬᠥᠳᠡᠭᠡ

ᠲᠣᠰᠬᠤᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤᠴᠤᠳ ᠲᠤ ᠬᠠᠪᠰᠤᠷᠤᠯᠭ᠎ᠠ ᠦᠵᠡᠭᠦᠯᠵᠦ᠂

︽ᠵᠠᠯᠠᠭᠤᠴᠤᠳ︾ ᠲᠦᠷᠦᠯ ᠲᠡᠮᠳᠡᠭ ᠤᠨ ᠬᠦᠳᠦᠯᠦᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂

ᠪᠦᠬᠦ ᠰᠢᠶᠠᠨ ᠤ ᠥᠷᠭᠡᠨ ᠤᠯᠠᠨ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ

ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠤᠯᠠᠨ

ᠵᠠᠯᠠᠭᠤᠴᠤᠳ ᠢ ᠬᠦᠳᠦᠯᠦᠨ ᠵᠢᠯᠣᠭᠤᠳᠴᠤ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂

ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠬᠤᠶᠠᠷ ᠶᠡᠭᠡ ᠶᠠᠪᠤᠳᠠᠯ︾

 ᠢ ᠰᠠᠶᠢᠲᠤᠷ ᠬᠢᠬᠦ ᠳᠤ ᠣᠷᠣᠯᠴᠠᠬᠤ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠠᠯᠠᠭᠤ

ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠬᠦ ᠶᠢ ᠬᠦᠰᠡᠵᠦ ᠪᠠᠶᠢᠨ᠎ᠠ᠃

ᠪᠦᠬᠦ ᠰᠢᠶᠠᠨ ᠤ ᠡᠯ᠎ᠡ ᠬᠦᠷᠢᠶᠡᠨ ᠤ 40 ᠭᠠᠷᠤᠢ ᠵᠠᠯᠠᠭᠤᠴᠤᠳ ᠪᠣᠯᠪᠠᠰᠤᠷᠠᠯ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2